ᠲᠥᠷᠥ ᠶᠢᠨ ᠶᠠᠪᠤᠳᠠᠯ ᠤᠨ ᠬᠤᠷᠢᠶ᠎ᠠ ᠣᠷᠴᠢᠮᠬᠠᠨ ︽ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠬᠥᠳᠡᠭᠡ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠶᠠᠪᠤᠭᠤᠯᠪᠠ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠠ ︽ᠪᠦᠬᠦ ᠤᠯᠤᠰ ᠤᠨ ᠬᠥᠳᠡᠭᠡ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ | ᠲᠣᠭᠲᠠᠭᠠᠯ ᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶ᠎ᠠ 2026 ᠣᠨ ᠳᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠬᠥᠳᠡᠭᠡ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠭᠠᠪᠠ᠃ | ︽ᠮᠡᠳᠡᠭᠳᠡᠯ︾ ᠳᠤ ᠵᠢᠭᠠᠵᠤ ᠭᠠᠷᠭᠠᠬᠤ ᠳᠤ ᠪᠠᠨ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠬᠥᠳᠡᠭᠡ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ | ᠪᠦᠷᠢᠳᠬᠡᠭᠦᠯᠬᠦ ᠡᠲᠡᠭᠡᠳ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠣᠲᠣᠷᠠᠬᠢ ᠬᠥᠳᠡᠭᠡ ᠲᠣᠰᠬᠤᠨ ᠤ ᠰᠠᠭᠤᠭᠠᠯᠢ ᠡᠷᠦᠬᠡ ᠪᠣᠯᠣᠨ᠎ᠠ᠂ | ᠡᠭᠦᠨ ᠳᠤ ᠬᠥᠳᠡᠭᠡ ᠲᠣᠰᠬᠤᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ ᠪᠠ ᠪᠤᠰᠤᠳ ᠰᠠᠭᠤᠭᠠᠯᠢ ᠡᠷᠦᠬᠡ︔ ᠬᠤᠲᠠ | ᠪᠠᠯᠭᠠᠰᠤᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ︔ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ︔ ᠭᠠᠴᠠᠭᠠᠨ ᠤ ᠠᠷᠠᠳ ᠤᠨ ᠵᠥᠪᠯᠡᠯ︔ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠᠭᠲᠠᠨ᠎ᠠ᠃ ᠨᠡᠶᠢᠳᠡᠮ ᠪᠠᠶᠢᠴᠠᠭᠠᠯᠲᠠ ᠶᠢᠨ ᠭᠤᠣᠯ | ᠠᠭᠤᠯᠭ᠎ᠠ ᠳᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ᠂ ᠠᠮᠤ ᠪᠤᠳᠠᠭ᠎ᠠ ᠪᠠ ᠬᠠᠮ ᠢᠳᠡᠭᠡᠨ ᠤ ᠦᠢᠯᠡᠳᠪᠦᠷᠢᠯᠡᠯ ᠤᠨ ᠪᠠᠶᠢᠳᠠᠯ᠂ ᠬᠥᠳᠡᠭᠡ | ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠪᠠᠶᠢᠳᠠᠯ᠂ ᠬᠥᠳᠡᠭᠡ ᠲᠣᠰᠬᠤᠨ ᠤ ᠬᠥᠭᠵᠢᠯᠲᠡ ᠶᠢᠨ ᠦᠨᠳᠦᠰᠦᠨ ᠪᠠᠶᠢᠳᠠᠯ᠂ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠵᠡᠷᠭᠡ ᠪᠠᠭᠲᠠᠨ᠎ᠠ᠃ ᠨᠡᠶᠢᠳᠡᠮ ᠪᠠᠶᠢᠴᠠᠭᠠᠯᠲᠠ ᠬᠢᠵᠦ ᠡᠬᠢᠯᠡᠬᠦ ᠪᠠᠷᠢᠮᠵᠢᠶ᠎ᠠ ᠪᠣᠯᠬᠤ ᠴᠠᠭ 2026 | ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ᠂ ᠬᠤᠭᠤᠴᠠᠭᠠᠨ ᠤ ᠮᠠᠲ᠋ᠧᠷᠢᠶᠠᠯ ᠪᠣᠯ 2026 ᠣᠨ ᠤ ᠣᠨ ᠤ ᠮᠠᠲ᠋ᠧᠷᠢᠶᠠᠯ ᠪᠣᠯᠣᠨ᠎ᠠ ᠭᠡᠵᠡᠢ᠃ | ︽ᠮᠡᠳᠡᠭᠳᠡᠯ︾ ᠳᠤ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠤᠯᠤᠰ ᠳᠠᠶᠠᠭᠠᠷ ᠤᠨ ᠨᠢᠭᠡᠳᠦᠯᠲᠡᠢ ᠤᠳᠤᠷᠢᠳᠬᠤ᠂ ᠰᠠᠯᠠᠭ᠎ᠠ | ᠮᠥᠴᠢᠷ ᠤᠳ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ | ᠵᠠᠷᠴᠢᠮ ᠶᠣᠰᠣᠭᠠᠷ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠤᠣᠯᠳᠠᠯᠭ᠎ᠠ ᠪᠠᠨ ᠲᠣᠪᠤᠶᠢᠯᠭᠠᠨ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠠᠷᠭ᠎ᠠ ᠪᠠᠷᠢᠯ ᠳᠤ | ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠬᠦ | ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠦᠨᠡᠨ ᠮᠥᠨ ᠢᠶᠠᠷ ᠨᠢ ᠴᠤᠭᠯᠠᠭᠤᠯᠵᠤ᠂ ᠮᠡᠳᠡᠭᠦᠯᠦᠨ ᠬᠦᠷᠭᠡᠬᠦ | ᠬᠡᠷᠡᠭᠲᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠳᠤ | ᠪᠦᠷᠢᠳᠬᠡᠭᠦᠯᠬᠦ ᠡᠲᠡᠭᠡᠳ ᠤᠳ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠢ ᠳᠤ ᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠂ | ᠦᠨᠡᠨ ᠪᠤᠰᠤ᠂ ᠪᠦᠷᠢᠨ ᠪᠤᠰᠤ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠬᠠᠩᠭᠠᠬᠤ ᠪᠤᠶᠤ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠤᠳᠠᠭᠠᠰᠢᠷᠠᠭᠤᠯᠤᠨ | ᠮᠡᠳᠡᠭᠦᠯᠬᠦ ᠪᠠ ᠮᠡᠳᠡᠭᠦᠯᠬᠦ ᠶᠢ ᠲᠡᠪᠴᠢᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠣᠯᠣᠭᠰᠠᠨ ᠨᠡᠶᠢᠳᠡᠮ ᠪᠠᠶᠢᠴᠠᠭᠠᠯᠲᠠ ᠶᠢᠨ ᠭᠠᠭᠴᠠ | ᠪᠦᠷᠢᠳᠬᠡᠭᠦᠯᠬᠦ ᠡᠲᠡᠭᠡᠳ ᠤᠨ ᠪᠡᠶ᠎ᠡ ᠭᠠᠷᠤᠯ ᠢ ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ ᠮᠠᠲ᠋ᠧᠷᠢᠶᠠᠯ ᠢ ᠭᠠᠳᠠᠭᠰᠢ ᠬᠠᠩᠭᠠᠬᠤ ᠪᠠ ᠵᠠᠳᠠᠷᠠᠭᠤᠯᠵᠤ | ᠪᠣᠯᠬᠤ ᠦᠭᠡᠢ᠂ ᠪᠦᠷᠢᠳᠬᠡᠯ ᠠᠴᠠ ᠪᠤᠰᠤᠳ ᠵᠣᠷᠢᠯᠭ᠎ᠠ ᠳᠤ ᠬᠡᠷᠡᠭᠯᠡᠵᠦ ᠪᠣᠯᠬᠤ ᠦᠭᠡᠢ ᠭᠡᠵᠡᠢ᠃ | ︽ᠮᠡᠳᠡᠭᠳᠡᠯ︾ ᠳᠤ ᠴᠢᠬᠤᠯᠠᠴᠢᠯᠠᠬᠤ ᠳᠤ ᠪᠠᠨ᠂ ᠳ᠋ᠠᠶᠢᠲ᠋ᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ | ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠯᠭ᠎ᠠ ᠪᠣᠯᠪᠠᠰᠤᠷᠠᠯ ᠢ ᠴᠢᠩᠭᠠᠳᠬᠠᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠳ᠋ᠠᠶᠢᠲ᠋ᠠ ᠶᠢᠨ ᠶᠠᠰᠤ ᠴᠢᠨᠠᠷ ᠲᠤ ᠪᠠᠶᠢᠴᠠᠭᠠᠬᠤ ᠪᠠ ᠬᠠᠷᠭᠤᠭᠤᠯᠬᠤ ᠶᠢ ᠴᠢᠩᠭᠠᠳᠬᠠᠵᠤ᠂ ᠲᠤᠭ᠎ᠠ | ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭᠯᠠᠨ ᠦᠢᠯᠡᠳᠬᠦ ᠶᠢ ᠦᠨᠡᠨ ᠬᠦ ᠰᠡᠷᠭᠡᠶᠢᠯᠡᠬᠦ ᠪᠠ ᠵᠠᠯᠬᠠᠭᠠᠨ ᠰᠢᠢᠳᠬᠡᠵᠦ᠂ ᠨᠡᠶᠢᠳᠡᠮ | ᠪᠠᠶᠢᠴᠠᠭᠠᠯᠲᠠ ᠶᠢᠨ ᠳ᠋ᠠᠶᠢᠲ᠋ᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ᠂ ᠪᠦᠷᠢᠨ ᠪᠦᠲᠦᠨ ᠮᠥᠷᠲᠡᠭᠡᠨ ᠢᠲᠡᠭᠡᠮᠵᠢᠲᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠶᠢᠨ ᠶᠠᠰᠤ ᠴᠢᠨᠠᠷ ᠢ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ | ᠳ᠋ᠠᠶᠢᠲ᠋ᠠ ᠶᠢᠨ ᠶᠠᠰᠤ ᠴᠢᠨᠠᠷ ᠢ ᠮᠥᠷᠳᠡᠨ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠂ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠳᠤ ᠵᠣᠷᠢᠭᠤᠳᠠ | ᠭᠠᠷ ᠲᠦᠷᠦᠭᠦ ᠡᠯ᠎ᠡ ᠵᠦᠢᠯ ᠤᠨ ᠦᠶ᠋ᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ |