ᠮᠠᠨ ᠤ ᠣᠷᠣᠨ ᠤ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠴᠡᠭ ᠤᠨ 4 ᠬᠤᠲᠠ ᠠᠴᠠ 3 ᠨᠢ A ᠳᠡᠰ ᠢᠶᠠᠷ᠂ 1 ᠨᠢ B ᠳᠡᠰ ᠢᠶᠠᠷ ᠦᠨᠡᠯᠡᠭᠳᠡᠵᠦ ᠲᠥᠪ ᠤᠨ 48 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠬᠦᠷᠲᠡᠬᠦ ᠪᠣᠯᠣᠨ᠎ᠠ
ᠨᠡᠶᠢᠲᠡᠯᠡᠭᠰᠡᠨ ᠴᠠᠭ᠄
2025/6/13
    ᠮᠠᠨ ᠤ ᠣᠷᠣᠨ ᠤ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠴᠡᠭ ᠤᠨ 4 ᠬᠤᠲᠠ ᠠᠴᠠ 3 ᠨᠢ A ᠳᠡᠰ ᠢᠶᠠᠷ᠂ 1 ᠨᠢ B ᠳᠡᠰ ᠢᠶᠠᠷ ᠦᠨᠡᠯᠡᠭᠳᠡᠵᠦ᠂ ᠲᠥᠪ ᠤᠨ 48 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠬᠦᠷᠲᠡᠬᠦ ᠪᠣᠯᠣᠨ᠎ᠠ᠃ ᠣᠶᠢᠷ᠎ᠠ ᠳᠤ ᠡᠳ᠋ ᠤᠨ ᠵᠠᠰᠠᠭ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠮᠠᠷᠠᠲᠤ ᠣᠷᠣᠨ ᠤ ᠴᠡᠪᠡᠷ ᠳᠤᠯᠠᠭᠠᠯᠠᠭ᠎ᠠ ᠶᠢᠨ ᠮᠤᠵᠢ ᠣᠷᠣᠨ ᠤ ᠠᠵᠢᠯ ᠤᠨ ᠪᠠᠶᠢᠳᠠᠯ ᠳᠤ ᠬᠤᠯᠪᠣᠭᠠᠯᠠᠭᠰᠠᠨ ᠵᠠᠷᠯᠠᠯ ᠪᠠᠭᠤᠯᠭᠠᠵᠤ᠂ ᠬᠥᠬᠡᠬᠤᠲᠠ ᠂ ᠪᠤᠭᠤᠲᠤ ᠬᠤᠲᠠ᠂ ᠪᠠᠶᠠᠨᠨᠠᠭᠤᠷ ᠬᠤᠲᠠ ᠨᠢ A ᠳᠡᠰ ᠪᠠᠷ ᠦᠨᠡᠯᠡᠭᠳᠡᠵᠦ᠂ ᠤᠯᠠᠭᠠᠨᠴᠠᠪ ᠬᠤᠲᠠ ᠨᠢ B ᠳᠡᠰ ᠢᠶᠠᠷ ᠦᠨᠡᠯᠡᠭᠳᠡᠪᠡ᠃ ᠡᠳ᠋ ᠤᠨ ᠵᠠᠰᠠᠭ ᠤᠨ ᠶᠠᠮᠤᠨ ᠤ ᠳᠡᠮᠵᠢᠯᠭᠡ ᠶᠢᠨ ᠪᠠᠷᠢᠮᠵᠢᠶ᠎ᠠ ᠶᠣᠰᠣᠭᠠᠷ ᠮᠠᠨ ᠤ ᠣᠷᠣᠨ ᠨᠡᠶᠢᠲᠡ 48 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠬᠦᠷᠲᠡᠬᠦ ᠪᠣᠯᠣᠨ᠎ᠠ᠃ ᠣᠲᠣ ᠪᠣᠯᠲᠠᠯ᠎ᠠ᠂ ᠲᠤᠷᠰᠢᠯᠲᠠ ᠶᠢᠨ ᠴᠡᠭ ᠤᠨ ᠠᠶᠢᠮᠠᠭ ᠬᠤᠲᠠ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠨ ᠰᠢᠨᠡᠳᠬᠡᠬᠦ ᠪᠠᠷ ᠳᠠᠮᠵᠢᠨ ᠠᠰᠢᠭ ᠭᠥᠷᠳᠡᠭᠰᠡᠨ ᠣᠯᠠᠨ ᠲᠦᠮᠡᠨ 173 ᠲᠦᠮᠡᠨ ᠡᠷᠦᠬᠡ᠂ 411 ᠲᠦᠮᠡᠨ ᠬᠥᠮᠥᠨ ᠳᠤ ᠬᠦᠷᠴᠡᠢ᠃ ︵ᠡᠳ᠋ ᠤᠨ ᠵᠠᠰᠠᠭ ᠤᠨ ᠲᠢᠩᠬᠢᠮ︶
ᠢᠷᠡᠯᠲᠡ᠄ ᠡᠳ᠋ ᠤᠨ ᠵᠠᠰᠠᠭ ᠤᠨ ᠲᠢᠩᠬᠢᠮ