ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ | ᠦᠢᠯᠡᠴᠢᠯᠡᠭᠡ ᠶᠢ ᠬᠡᠷᠡᠭᠵᠢᠭᠦᠯᠦᠭᠡᠳ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ ᠨᠢᠭᠡ ᠳᠤ᠂ ︽ᠲᠤᠰᠬᠠᠶ ᠪᠠᠭ ᠳᠠᠭᠠᠭᠤᠯᠤᠨ | ᠭᠦᠢᠴᠡᠳᠬᠡᠬᠦ︾ ᠬᠡᠪ ᠵᠠᠭᠪᠤᠷ ᠢ ᠬᠡᠷᠡᠭᠵᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ 110 ᠭᠠᠷᠤᠶ ᠡᠩᠨᠡᠭᠡ ᠶᠢ ᠵᠣᠬᠢᠶᠠᠨ ᠪᠠᠶᠢᠭᠤᠯᠵᠤ᠂ | ᠴᠢᠬᠤᠯᠠ ᠶᠡᠭᠡ ᠲᠥᠷᠥᠯ ᠵᠦᠢᠯ ᠳᠤ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ ᠪᠣᠢ᠂ ᠣᠳᠣᠬᠠᠨ ᠳᠤ ᠨᠢᠭᠡᠨᠲᠡ 278 ᠲᠥᠷᠥᠯ ᠵᠦᠢᠯ ᠳᠤ ᠦᠢᠯᠡᠴᠢᠯᠡᠵᠦ᠂ | ᠪᠦᠲᠦᠮᠵᠢᠲᠡᠶ ᠪᠠᠯᠠ ᠣᠷᠣᠭᠤᠯᠤᠯᠲᠠ ᠶᠢ 857.78 ᠳ᠋ᠦᠩᠰᠢᠭᠤᠷ ᠲᠥᠭᠦᠷᠢᠭ ᠲᠠᠯᠪᠢᠪᠠ᠃ ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠵᠠᠬᠢᠶᠠᠯᠠᠨ | ᠦᠢᠯᠡᠳᠬᠦ ᠳᠤ ᠦᠢᠯᠡᠴᠢᠯᠡᠬᠦ ᠪᠠ ᠬᠦᠴᠢᠷ ᠠᠰᠠᠭᠤᠳᠠᠯ ᠢ ᠮᠥᠷᠳᠡᠨ ᠰᠢᠢᠳᠪᠦᠷᠢᠯᠡᠬᠦ ᠪᠠᠷ ᠭᠠᠵᠠᠷ ᠲᠤ ᠨᠢ ᠬᠦᠷᠴᠦ ᠣᠴᠢᠭᠠᠳ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠬᠡᠷᠡᠭᠵᠢᠭᠦᠯᠪᠡ᠃ ᠵᠢᠱᠢᠶᠡᠯᠡᠪᠡᠯ᠂ ᠠᠯᠠᠱᠠ ᠠᠶᠢᠮᠠᠭ ᠤᠨ ᠬᠢᠨ ︽ᠰᠢᠶᠤᠤ ᠲᠦᠸᠧ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ | ᠬᠡᠷᠡᠭᠵᠢᠭᠦᠯᠵᠦ᠂ ᠡᠯᠡᠰᠦᠨ ᠴᠦᠯ ᠤᠨ ᠠᠭᠤᠷᠬᠠᠢ ᠶᠢᠨ ᠲᠤᠭᠤᠷᠢᠭ ᠲᠤ ᠬᠦᠷᠴᠦ ᠭᠦᠨᠵᠡᠭᠡᠶᠢᠷᠡᠨ ᠦᠢᠯᠡᠴᠢᠯᠡᠪᠡ︔ ᠤᠯᠠᠭᠠᠨᠴᠠᠪ ᠬᠤᠲᠠ ᠶᠢᠨ ᠬᠢᠨ ︽136 | ᠦᠢᠯᠡᠴᠢᠯᠡᠭᠡᠨ ᠤ ᠨᠠᠷᠢᠨ ᠳᠠᠩᠰᠠ︾ ᠪᠠᠷ ᠠᠵᠤ ᠠᠬᠤᠶᠢᠯᠠᠯ ᠤᠨ ᠨᠠᠭᠠᠰᠢ ᠴᠠᠭᠠᠰᠢ ᠭᠦᠶᠦᠬᠦ ᠥᠪᠡᠷ ᠤᠨ ᠥᠷᠲᠡᠭ ᠢ ᠪᠠᠭᠤᠷᠠᠭᠤᠯᠪᠠ᠃ 2024 ᠣᠨ ᠠᠴᠠ | ᠨᠠᠭᠠᠰᠢ᠂ 3.6 ᠲᠦᠮᠡᠨ ᠠᠵᠤ ᠠᠬᠤᠶᠢᠯᠠᠯ ᠳᠤ ᠨᠡᠶᠢᠲᠡ 10 ᠲᠦᠮᠡ ᠭᠠᠷᠤᠢ ᠠᠵᠢᠯ ᠶᠠᠪᠤᠳᠠᠯ ᠢ ᠭᠦᠢᠴᠡᠳᠬᠡᠵᠦ᠂ ᠬᠠᠨᠤᠮᠵᠢ ᠶᠢᠨ ᠬᠡᠮᠵᠢᠶ᠎ᠡ ᠨᠢ 99.5% ᠳᠤ | ᠬᠦᠷᠦᠭᠰᠡᠨ ᠪᠠᠶᠢᠨ᠎ᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ |