ᠭᠡᠭᠡᠨ ᠭᠤᠣᠯ ᠬᠤᠳᠠ ᠶᠢᠨ ᠵᠠᠰᠠᠭ ᠤᠨ ᠣᠷᠳᠣᠨ 2025 ᠣᠨ ᠤ ᠵᠢᠷᠭᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/16
    5 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ ᠬᠤᠲᠠ ᠶᠢᠨ ᠵᠠᠰᠠᠭ ᠤᠨ ᠣᠷᠳᠣᠨ ᠤ 2025 ᠣᠨ ᠤ ᠵᠢᠷᠭᠤᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠵᠠᠩ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠸᠠᠩ ᠮᠧᠩ᠂ ᠬᠤᠲᠠ ᠶᠢᠨ ᠳᠡᠳ᠋ ᠳᠠᠷᠤᠭ᠎ᠠ ᠰᠢᠤᠢ ᠭᠦᠸᠧ ᠯᠢᠩ᠂ ᠰᠢᠤᠸᠠᠢ ᠳ᠋ᠠ ᠯᠦᠩ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠳᠤ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠯᠡᠭᠡ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠵᠣᠷᠢᠭ ᠰᠠᠨᠠᠭ᠎ᠠ᠂ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠳᠠ ᠳᠤ ︽ᠠᠷᠪᠠᠨ ᠲᠠᠪᠤᠳᠤᠭᠠᠷ ᠲᠠᠪᠤᠨ ᠵᠢᠯ  ᠤᠨ ᠲᠥᠯᠥᠪᠯᠡᠭᠡ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠯᠡᠭᠡ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠡᠭᠦᠷᠭᠡ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠬᠤᠳᠠ ᠪᠠᠷ ᠢᠶᠠᠨ ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠢᠷᠡᠭᠡᠳᠦᠢ ᠶᠢ ᠪᠣᠳᠣᠯᠬᠢᠯᠠᠵᠤ᠂ ᠭᠡᠭᠡᠨ ᠭᠤᠣᠯ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠯᠡᠭᠡ︾ ᠤᠨ ᠬᠤᠭᠤᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠤᠨᠤᠪᠴᠢᠲᠠᠢ ᠪᠠᠶᠢᠷᠢᠰᠢᠭᠤᠯᠵᠤ᠂ ᠭᠤᠣᠯᠳᠠᠭᠤ ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠶᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠵᠤ᠂ ᠨᠢᠭᠡ ᠪᠦᠯᠦᠭ ᠥᠪᠡᠷᠮᠢᠴᠡ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠭᠡᠭᠡᠨ ᠭᠤᠣᠯ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠬᠤᠶᠢᠰᠢᠳᠠ ᠶᠢᠨ ᠠᠵᠢᠯ ᠤᠨ ᠴᠢᠬᠤᠯᠠ ᠵᠢᠯᠤᠭᠤᠳᠤᠯᠭ᠎ᠠ ᠪᠣᠯᠭᠠᠵᠤ᠂ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠡᠭᠡᠳᠦ ᠱᠠᠲᠤᠨ ᠤ ᠪᠠᠷᠢᠮᠵᠢᠶ᠎ᠠ ᠪᠠᠷ ᠪᠠᠷᠢᠮᠵᠢᠶᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠬᠠᠮᠵᠢᠯᠴᠠᠨ ᠵᠠᠰᠠᠬᠤ ᠶᠡᠭᠡ ᠦᠵᠡᠯᠲᠡ ᠶᠢ ᠪᠠᠶᠢᠭᠤᠯᠵᠤ᠂ ᠬᠤᠳᠠ ᠳᠤ ᠰᠠᠭᠤᠭ᠎ᠠ ᠤᠢ ᠰᠢᠭᠤᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠪᠠᠶᠢᠩᠭᠤᠵᠢᠭᠰᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠭᠤᠤᠯ ᠬᠤᠲᠠ ᠶᠢᠨ ᠲᠣᠭᠤᠷᠢᠭ᠂ ᠠᠷᠤ ᠵᠡᠭᠡᠯᠢ ᠵᠢᠵᠢᠭ ᠭᠤᠳᠤᠮᠵᠢ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ