ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2025︺ 9 ᠳ᠋ᠦ᠋ᠭᠡᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵ | 2025-2027 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2025 ᠣᠨ ᠤ 2 ᠳ᠋ᠤᠭᠠᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ︶ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ | ᠪᠦᠭᠦᠳᠡ ᠬᠤᠷᠠᠯ᠂ ᠶᠢᠰᠦᠳᠦᠭᠡᠷ ᠤᠳᠠᠭᠠᠨ ᠤ ᠪᠦᠭᠦᠳᠡ ᠬᠤᠷᠠᠯ ᠬᠢᠭᠡᠳ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ ᠴᠢᠩᠭ᠎ᠠ ᠨᠢᠭᠲᠠᠷᠠᠨ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠷ᠎ᠠ ᠪᠤᠳᠠᠭ᠎ᠠ ᠠᠮᠢᠳᠤ ᠮᠠᠯ ᠤᠨ ᠭᠠᠳᠠᠭᠰᠢ | ᠠᠷᠠᠯᠵᠢᠶᠠᠯᠠᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ︽ | ᠠᠮᠤ ᠪᠤᠳᠠᠭ᠎ᠠ ᠶᠢᠨ ᠦᠢᠯᠡᠳᠪᠦᠷᠢᠯᠡᠯ ᠢᠶᠠᠷ ᠲᠦᠷᠦᠭᠦᠯᠡᠭᠦᠯᠵᠦ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠬᠠᠪᠰᠤᠷᠠᠭᠠᠬᠤ︾᠂ ︽ᠮᠠᠯ | ᠠᠵᠤ ᠠᠬᠤᠢ ᠶᠢᠨ ᠦᠢᠯᠡᠳᠪᠦᠷᠢᠯᠡᠯ ᠢᠶᠠᠷ ᠲᠦᠷᠦᠭᠦᠯᠡᠭᠦᠯᠵᠦ ᠤᠯᠠᠭᠠᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠶᠢ ᠬᠠᠪᠰᠤᠷᠠᠭᠠᠬᠤ︾ ︽ᠲᠠᠷᠢᠶᠠᠯᠠᠩ ᠢᠶᠠᠷ | ᠲᠦᠷᠦᠭᠦᠯᠡᠭᠦᠯᠵᠦ ᠠᠵᠤ ᠦᠢᠯᠡᠳᠪᠦᠷᠢ ᠶᠢ ᠬᠠᠪᠰᠤᠷᠠᠭᠠᠬᠤ︾ ᠳᠡᠭᠡᠷ᠎ᠡ ᠬᠦᠴᠦ ᠲᠠᠯᠪᠢᠵᠤ᠂ ᠮᠠᠨ ᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠲᠦᠷᠭᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠬᠡᠪᠴᠢᠶᠡᠵᠢᠯᠲᠡ᠂ ᠠᠵᠤ ᠦᠢᠯᠡᠰᠵᠢᠯᠲᠡ᠂ ᠨᠡᠷᠡᠲᠦ ᠲᠡᠮᠲᠡᠭᠵᠢᠯᠲᠡ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠲᠤᠰ ᠠᠵᠢᠯᠯᠠᠭᠠᠨ ᠤ ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2027 ᠣᠨ ᠪᠣᠯᠬᠤ ᠳᠤ᠂ ᠪᠦᠬᠦ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ | ᠬᠡᠪᠴᠢᠶᠡᠵᠢᠯ ᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠪᠠ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠵᠢᠯ ᠤᠨ ᠪᠣᠷᠤᠯᠠᠭᠤᠯᠭ᠎ᠠ ᠶᠢᠨ ᠣᠷᠤᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ 5 ᠠᠴᠠ ᠳᠡᠭᠡᠭᠰᠢ᠂ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ 20 ᠠᠴᠠ ᠳᠡᠭᠡᠭᠰᠢ | ᠰᠢᠨ᠎ᠡ ᠪᠠᠷ ᠪᠤᠶᠢᠵᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠮᠡᠳᠡᠭᠳᠡᠬᠦ᠋ᠢᠴᠡ | ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠣᠷᠤᠯᠭ᠎ᠠ ᠶᠢ 700 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠵᠢᠯ ᠤᠨ | ᠪᠣᠷᠤᠯᠠᠭᠤᠯᠭ᠎ᠠ ᠶᠢᠨ ᠣᠷᠤᠯᠭ᠎ᠠ ᠶᠢ 4800 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ | ᠬᠤᠶᠠᠷ᠂ ᠣᠷᠣᠨ ᠪᠦᠰᠡ ᠶᠢᠨ ᠪᠠᠶᠢᠷᠢᠰᠢᠭᠤᠯᠤᠯᠲᠠ ᠵᠢᠴᠢ ᠰᠢᠪᠲᠤᠯᠤᠯᠲᠠ ᠶᠢᠨ ᠭᠤᠣᠯ ᠲᠦᠷᠦᠯ ᠢᠯᠭᠠᠯ ᠳᠠᠪᠠᠭᠤᠯᠢᠭ ᠢᠶᠠᠨ ᠪᠠᠳᠠᠷᠠᠭᠤᠯᠬᠤ ᠪᠠ | ᠳᠤᠲᠠᠭᠤᠳᠠᠯ ᠢᠶᠠᠨ ᠨᠥᠬᠦᠪᠦᠷᠢᠯᠡᠬᠦ ᠶᠢ ᠨᠢᠭᠡᠳᠦᠯᠲᠡᠢ ᠲᠥᠯᠥᠪᠯᠡᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠯᠡᠭᠡ ᠶᠢᠨ | ᠬᠠᠨᠳᠤᠰᠢ ᠳᠤ ᠲᠦᠰᠢᠭᠯᠡᠨ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠢ ᠳᠠᠮᠵᠢᠵᠤ᠂ | ᠣᠷᠣᠨ ᠪᠦᠰᠡ ᠶᠢᠨ ᠪᠠᠶᠢᠷᠢᠰᠢᠭᠤᠯᠤᠯᠲᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠣᠯᠳᠠᠭᠤ ᠰᠦ ᠴᠠᠭᠠᠨ ᠢᠳᠡᠭᠡᠨ ᠤ ᠪᠦᠲᠦᠭᠡᠭᠳᠡᠬᠦᠨ᠂ ᠦᠬᠡᠷ ᠬᠤᠨᠢ | ᠢᠮᠠᠭᠠᠨ ᠮᠢᠬᠠᠨ ᠤ ᠪᠦᠲᠦᠭᠡᠭᠳᠡᠬᠦᠨ᠂ ᠡᠷᠳᠡᠨᠢ ᠰᠢᠰᠢ ᠶᠢᠨ ᠪᠦᠲᠦᠭᠡᠭᠳᠡᠬᠦᠨ᠂ ᠲᠥᠮᠥᠰᠥᠨ ᠤ ᠪᠦᠲᠦᠭᠡᠭᠳᠡᠬᠦᠨ᠂ ᠰᠢᠷ᠎ᠠ ᠪᠤᠷᠴᠠᠭ ᠤᠨ ᠪᠦᠲᠦᠭᠡᠭᠳᠡᠬᠦᠨ᠂ ᠠᠮᠤ | ᠭᠤᠯᠢᠷ ᠲᠣᠰᠣ ᠰᠢᠬᠢᠷ ᠵᠢᠴᠢ ᠡᠯᠳᠡᠪ ᠠᠮᠤ ᠶᠢᠨ ᠪᠦᠲᠦᠭᠡᠭᠳᠡᠬᠦᠨ᠂ ᠨᠠᠷᠠᠨ ᠬᠤᠸᠠᠷ ᠤᠨ ᠦᠷ᠎ᠡ ᠵᠡᠷᠭᠡ ᠰᠡᠯᠡᠭᠦᠴᠡᠯ ᠤᠨ ᠳᠦᠭᠦᠮ ᠢᠳᠡᠭᠡᠨ ᠤ ᠵᠦᠢᠯ᠂ ᠠᠮᠲᠠ | ᠣᠷᠤᠭᠤᠯᠬᠤ ᠪᠦᠲᠦᠭᠡᠭᠳᠡᠬᠦᠨ᠂ ᠣᠨᠴᠠᠯᠢᠭᠲᠤ ᠡᠷᠡᠭᠦᠯᠵᠢᠯ ᠤᠨ ᠪᠦᠲᠦᠭᠡᠭᠳᠡᠬᠦᠨ᠂ ᠠᠷᠢᠬᠢᠨ ᠤ ᠵᠦᠢᠯ ᠤᠨ ᠪᠦᠲᠦᠭᠡᠭᠳᠡᠬᠦᠨ ᠵᠡᠷᠭᠡ 10 ᠲᠦᠷᠦᠯ ᠢᠯᠭᠠᠯ ᠤᠨ | ᠲᠠᠯ᠎ᠠ ᠳᠤ ᠰᠢᠪᠲᠤᠯᠤᠯᠲᠠ ᠭᠠᠷᠭᠠᠵᠤ ᠬᠥᠭᠵᠢᠭᠦᠯᠦᠨ᠎ᠡ᠃ | ︵ᠨᠢᠭᠡ︶ ᠰᠦ ᠴᠠᠭᠠᠨ ᠢᠳᠡᠭᠡᠨ ᠤ ᠪᠦᠲᠦᠭᠡᠭᠳᠡᠬᠦᠨ᠃ ᠬᠠᠲᠤᠨ ᠭᠤᠣᠯ᠂ ᠨᠤᠨ ᠮᠥᠷᠡᠨ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠪᠠ ᠬᠥᠯᠥᠨ | ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠵᠡᠷᠭᠡ 5 ᠲᠣᠮᠣ ᠰᠦ ᠶᠢᠨ ᠭᠠᠷᠤᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠨ ᠴᠢᠩᠭᠠᠳᠬᠠᠵᠤ᠂ | ᠰᠦ ᠶᠢᠨ ᠭᠠᠷᠤᠯᠲᠠ ᠶᠢᠨ ᠳᠠᠪᠠᠭᠤᠯᠢᠭ ᠲᠤ ᠲᠦᠰᠢᠭᠯᠡᠨ᠂ ᠰᠢᠩᠭᠡᠨ ᠲᠥᠯᠥᠪᠲᠦ ᠰᠦ ᠶᠢᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ ᠪᠦᠲᠦᠭᠡᠭᠳᠡᠬᠦᠨ ᠤ ᠪᠦᠲᠦᠴᠡ ᠨᠢ ᠰᠢᠯᠢᠳᠡᠭ ᠪᠤᠰᠤ᠂ ᠵᠠᠬ᠎ᠠ ᠳᠡᠯᠭᠡᠭᠦᠷ ᠢ ᠥᠷᠭᠡᠵᠢᠭᠦᠯᠬᠦ ᠲᠠᠯ᠎ᠠ ᠪᠠᠷ ᠨᠡᠯᠢᠶᠡᠳ ᠤᠳᠠᠭᠠᠯᠢᠭ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠢᠨ ᠤ ᠪᠦᠲᠦᠭᠡᠭᠳᠡᠬᠦᠨ ᠤ ᠪᠦᠲᠦᠴᠡ ᠳᠤ ᠪᠠᠨ ᠲᠣᠬᠢᠷᠠᠭᠤᠯᠤᠯᠲᠠ ᠬᠢᠬᠦ | ᠪᠠ ᠠᠵᠤ ᠦᠢᠯᠡᠰ ᠤᠨ ᠳᠡᠰ ᠳᠡᠪᠰᠢᠬᠦ ᠳᠤ ᠨᠢ ᠳᠡᠮᠵᠢᠯᠭᠡ ᠦᠵᠡᠭᠦᠯᠵᠦ᠂ ᠪᠢᠰᠢᠯᠠᠭ᠂ ᠰᠢᠷᠠᠰᠤ᠂ ᠰᠦᠨ ᠲᠡᠮᠦᠷᠳᠦ ᠤᠭᠤᠷᠠᠭ᠂ ᠠᠨᠠᠭᠠᠬᠤ ᠤᠬᠠᠭᠠᠨ ᠤ ᠣᠨᠴᠠ | ᠬᠡᠷᠡᠭᠴᠡᠭᠡᠨ ᠳᠤ ᠬᠡᠷᠡᠭᠯᠡᠬᠦ ᠨᠠᠶᠢᠷᠠᠯᠭ᠎ᠠ ᠲᠠᠢ ᠢᠳᠡᠭᠡᠨ ᠤ ᠵᠦᠢᠯ ᠵᠡᠷᠭᠡ ᠰᠦ ᠴᠠᠭᠠᠨ ᠢᠳᠡᠭᠡᠨ ᠤ ᠪᠦᠲᠦᠭᠡᠭᠳᠡᠬᠦᠨ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠳᠤᠮᠳᠠ ᠵᠢᠵᠢᠭ | ᠠᠵᠤ ᠠᠬᠤᠶᠢᠯᠠᠯ ᠤᠨ ︽ᠲᠤᠰᠬᠠᠢ ᠨᠠᠷᠢᠯᠢᠭ ᠥᠪᠡᠷᠮᠢᠴᠡ ᠰᠢᠨ᠎ᠡ︾ ᠵᠠᠮ ᠢᠶᠠᠷ ᠵᠠᠮᠨᠠᠬᠤ ᠶᠢ ᠳᠠᠮᠵᠢᠵᠤ᠂ ᠣᠷᠣᠨ ᠨᠤᠲᠤᠭ ᠤᠨ ᠣᠨᠴᠠᠯᠢᠭᠲᠤ ᠰᠦ ᠴᠠᠭᠠᠨ | ᠢᠳᠡᠭᠡᠨ ᠤ ᠪᠦᠲᠦᠭᠡᠭᠳᠡᠬᠦᠨ ᠤ ᠠᠵᠤ ᠠᠬᠤᠶᠢᠯᠠᠯ᠂ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠤᠨ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠶᠢ ᠠᠬᠢᠭᠤᠯᠵᠤ᠂ ᠨᠥᠬᠦᠴᠡᠯ ᠲᠠᠢ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠤᠬᠠᠢ ᠶᠢᠨ ᠭᠠᠵᠠᠷ ᠲᠤ ᠪᠠᠨ ᠡᠳ᠋ᠰᠢᠭᠦᠯᠦᠨ ᠪᠣᠯᠪᠠᠰᠤᠷᠠᠭᠤᠯᠬᠤ᠂ ᠣᠶᠢᠷ᠎ᠠ ᠬᠠᠪᠢ ᠳᠤ ᠪᠠᠨ ᠲᠣᠬᠢᠷᠠᠭᠤᠯᠤᠨ | ᠬᠦᠷᠭᠡᠬᠦ ᠶᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠵᠦ ᠡᠳ᠋ᠰᠢᠭᠦᠯᠦᠨ ᠪᠣᠯᠪᠠᠰᠤᠷᠠᠭᠤᠯᠬᠤ ᠶᠢᠨ ᠨᠢᠭᠡ ᠴᠣᠭᠴᠠᠵᠢᠨ ᠬᠥᠭᠵᠢᠬᠦ ᠶᠢ ᠨᠢ ᠠᠬᠢᠭᠤᠯᠤᠨ᠎ᠠ᠃ ᠭᠡᠭᠦᠦ ᠶᠢᠨ | ᠰᠦ᠂ ᠬᠤᠨᠢ ᠢᠮᠠᠭᠠᠨ ᠰᠦ᠂ ᠢᠩᠭᠡᠨ ᠰᠦ ᠵᠡᠷᠭᠡ ᠰᠦᠨ ᠤ ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠦᠨ᠎ᠡ᠃ | ︵ᠬᠤᠶᠠᠷ︶ ᠦᠬᠡᠷ ᠬᠤᠨᠢ ᠢᠮᠠᠭᠠᠨ ᠮᠢᠬᠠᠨ ᠤ ᠪᠦᠲᠦᠭᠡᠭᠳᠡᠬᠦᠨ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ | ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ᠂ ᠲᠦᠭᠦᠬᠡᠢ ᠮᠠᠲ᠋ᠧᠷᠢᠶᠠᠯ ᠤᠨ ᠳᠠᠪᠠᠭᠤᠯᠢᠭ ᠲᠤ | ᠲᠦᠰᠢᠭᠯᠡᠵᠦ᠂ ᠠᠮᠢᠳᠤ ᠮᠠᠯ ᠢ ᠭᠠᠳᠠᠭᠰᠢ ᠭᠠᠷᠭᠠᠬᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠣᠣᠷᠠᠳᠤ ᠳᠡᠰ ᠤᠨ ᠢᠵᠢᠯᠢ ᠴᠢᠨᠠᠷ ᠤᠨ | ᠥᠷᠢᠰᠦᠯᠳᠦᠭᠡᠨ ᠬᠢᠬᠦ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠯ ᠢᠶᠠᠷ ᠠᠨᠠᠶᠢᠬᠠᠨ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠡᠯᠡ ᠭᠠᠷᠭᠠᠵᠤ ᠬᠤᠳᠠᠯᠳᠤᠨ | ᠠᠪᠬᠤ᠂ ᠬᠤᠪᠢᠴᠠᠭ᠎ᠠ ᠡᠵᠡᠮᠳᠡᠬᠦ᠂ ᠨᠡᠶᠢᠯᠡᠭᠦᠯᠦᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠨᠢ | ᠳᠠᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠪᠦᠲᠦᠭᠡᠭᠳᠡᠬᠦᠨ ᠳᠤ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ | ᠥᠷᠨᠢᠭᠦᠯᠦᠨ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠪᠠᠨ ᠲᠦᠷᠭᠡᠳᠬᠡᠵᠦ᠂ ᠦᠬᠡᠷ᠂ ᠬᠤᠨᠢ ᠢᠮᠠᠭ᠎ᠠ ᠶᠢ ᠨᠠᠷᠢᠯᠢᠭ ᠮᠥᠴᠢᠯᠡᠵᠦ ᠰᠠᠯᠭᠠᠭᠰᠠᠨ | ᠮᠢᠬᠠᠨ ᠤ ᠪᠦᠲᠦᠭᠡᠭᠳᠡᠬᠦᠨ ᠪᠠ ᠵᠢᠶᠠᠩᠯᠠᠭᠰᠠᠨ ᠰᠢᠭᠦᠰᠦᠯᠡᠭᠰᠡᠨ ᠤᠲᠤᠭᠰᠠᠨ ᠰᠢᠷᠠᠭᠰᠠᠨ ᠮᠢᠬ᠎ᠠ ᠵᠡᠷᠭᠡ ᠪᠣᠯᠭᠤᠭᠰᠠᠨ ᠢᠳᠡᠭᠡᠨ ᠤ ᠪᠦᠲᠦᠭᠡᠭᠳᠡᠬᠦᠨ᠂ ᠤᠷᠢᠳᠴᠢᠯᠠᠨ | ᠬᠢᠭᠰᠡᠨ ᠵᠠᠭᠤᠰᠢ ᠶᠢ ᠭᠤᠣᠯᠳᠠᠯᠭ᠎ᠠ ᠲᠠᠢ ᠬᠥᠭᠵᠢᠭᠦᠯᠵᠦ᠂ ᠬᠤᠨᠢᠨ ᠠᠷᠠᠰᠤᠨ ᠰᠢᠷᠪᠦᠰᠦ᠂ ᠬᠤᠨᠢᠨ ᠠᠷᠠᠰᠤᠨ ᠴᠠᠪᠠᠤᠯᠢᠭ ᠤᠭᠤᠷᠠᠭ᠂ ᠶᠠᠰᠤᠨ ᠡᠳ᠋ ᠤᠨ ᠲᠤᠩᠭᠠᠯᠠᠭ | ᠴᠠᠪᠠᠤ᠂ ᠴᠢᠰᠤᠨ ᠤ ᠤᠯᠠᠭᠠᠨ ᠡᠳ᠋᠂ ᠠᠮᠢᠳᠤ ᠪᠣᠳᠠᠰ ᠤᠨ ᠢᠳᠡᠪᠬᠢᠲᠦ ᠫᠧᠫᠲ᠋ᠢᠳ᠋ ᠵᠡᠷᠭᠡ ᠠᠷᠠᠰᠤ᠂ ᠶᠠᠰᠤ᠂ ᠴᠢᠰᠤ᠂ ᠳᠣᠲᠣᠷ᠎ᠠ ᠡᠷᠬᠡᠲᠡᠨ ᠵᠡᠷᠭᠡ ᠳᠠᠭᠠᠯᠲᠠ | ᠪᠦᠲᠦᠭᠡᠭᠳᠡᠬᠦᠨ ᠢ ᠥᠨᠳᠥᠷ ᠦᠷᠳᠡᠭᠵᠢᠬᠦᠯᠦᠭᠰᠡᠨ ᠰᠢᠷᠢᠰ ᠢᠳᠡᠭᠡᠨ ᠤ ᠵᠦᠢᠯ ᠢ ᠨᠡᠭᠡᠭᠡᠨ ᠬᠥᠭᠵᠢᠭᠦᠯᠦᠨ᠎ᠡ᠃ | ︵ᠭᠤᠷᠪᠠ︶ ᠡᠷᠳᠡᠨᠢ ᠰᠢᠰᠢ ᠶᠢᠨ ᠪᠦᠲᠦᠭᠡᠭᠳᠡᠬᠦᠨ᠃ ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠬᠦᠬᠡᠬᠤᠲᠠ᠂ ᠪᠠᠶᠠᠨᠨᠠᠭᠤᠷ | ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ᠂ ᠲᠦᠭᠦᠬᠡᠢ ᠮᠠᠲ᠋ᠧᠷᠢᠶᠠᠯ ᠤᠨ ᠳᠠᠪᠠᠭᠤᠯᠢᠭ ᠲᠤ ᠲᠦᠰᠢᠭᠯᠡᠨ᠂ ᠠᠮᠲᠠᠨ ᠤ ᠣᠬᠢ᠂ ᠴᠠᠷᠳᠠᠭᠤᠯ᠂ | ᠡᠷᠳᠡᠨᠢ ᠰᠢᠰᠢ ᠶᠢᠨ ᠬᠦᠪᠦᠷᠡᠯ ᠤᠨ ᠰᠣᠶᠣᠭᠠᠨ ᠲᠣᠰᠣ᠂ ᠰᠣᠷᠭᠤᠭ ᠡᠷᠳᠡᠨᠢ ᠰᠢᠰᠢ᠂ ᠲᠡᠵᠢᠭᠡᠯ ᠪᠣᠷᠳᠤᠭ᠎ᠠ ᠵᠡᠷᠭᠡ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ | ᠬᠤᠪᠢᠳᠠᠴᠠ ᠶᠢ ᠦᠷᠭᠦᠯᠵᠢᠯᠡᠨ ᠶᠡᠬᠡᠰᠬᠡᠨ᠎ᠡ᠃ ᠳᠡᠭᠡᠳᠦ ᠳᠡᠰ ᠤᠨ ᠪᠦᠲᠦᠭᠡᠭᠳᠡᠬᠦᠨ ᠴᠥᠭᠡᠨ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ | ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠨ ᠨᠡᠭᠡᠭᠡᠬᠦ ᠪᠠ ᠪᠦᠲᠦᠭᠡᠭᠳᠡᠬᠦᠨ ᠳᠤ ᠪᠠᠨ ᠰᠢᠨ᠎ᠡ ᠡᠭᠦᠳᠦᠯᠲᠡ ᠭᠠᠷᠭᠠᠬᠤ ᠪᠠᠨ ᠲᠦᠷᠭᠡᠳᠬᠡᠬᠦ ᠶᠢ ᠨᠢ ᠳᠠᠮᠵᠢᠵᠦ᠂ ᠰᠢᠷ᠎ᠠ ᠤᠭ ᠴᠠᠪᠠᠤᠯᠢᠭ ᠰᠢᠬᠢᠷ᠂ | ᠬᠤᠪᠣᠷ ᠲᠣᠬᠢᠶᠠᠯᠳᠤᠬᠤ ᠠᠮᠢᠨᠤ᠋ ᠬᠦᠴᠢᠯ᠂ ᠲᠦᠭᠦᠬᠡᠢ ᠮᠠᠲ᠋ᠧᠷᠢᠶᠠᠯ ᠤᠨ ᠡᠮ᠂ ᠠᠮᠢᠳᠤ ᠪᠣᠳᠠᠰ ᠬᠢᠮᠢ ᠶᠢᠨ ᠠᠵᠤ ᠦᠢᠯᠡᠳᠪᠦᠷᠢ ᠵᠡᠷᠭᠡ ᠳᠡᠭᠡᠳᠦ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠭᠤᠯᠤᠭᠳᠠᠴᠠ ᠲᠠᠢ ᠪᠦᠲᠦᠭᠡᠭᠳᠡᠬᠦᠨ ᠢ ᠭᠤᠣᠯᠳᠠᠯᠭ᠎ᠠ ᠲᠠᠢ ᠪᠠᠷ ᠬᠥᠭᠵᠢᠭᠦᠯᠦᠨ᠎ᠡ᠃ | ︵ᠳᠥᠷᠪᠡ︶ ᠲᠥᠮᠥᠰᠥ ᠶᠢᠨ ᠪᠦᠲᠦᠭᠡᠭᠳᠡᠬᠦᠨ᠃ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠲᠠ ᠵᠡᠷᠭᠡ ᠠᠶᠢᠮᠠᠭ ᠬᠤᠲᠠ ᠪᠠᠷ | ᠭᠤᠣᠯᠳᠠᠯᠭ᠎ᠠ ᠪᠣᠯᠭᠠᠨ᠂ ᠥᠨᠳᠥᠷ ᠨᠡᠮᠡᠯᠲᠡ ᠦᠷᠳᠡᠭ ᠪᠦᠬᠦᠢ ᠪᠦᠲᠦᠭᠡᠭᠳᠡᠬᠦᠨ ᠤ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠬᠦᠷᠦᠯᠴᠡᠬᠦ ᠦᠭᠡᠢ᠂ | ᠠᠵᠤ ᠦᠢᠯᠡᠰ ᠤᠨ ᠦᠷᠲᠡᠭ ᠨᠡᠮᠡᠭᠳᠡᠯ ᠤᠨ ᠦᠷ᠎ᠡ ᠠᠰᠢᠭ ᠢ ᠭᠦᠢᠴᠡᠳ ᠪᠠᠳᠠᠷᠠᠭᠤᠯᠤᠭᠰᠠᠨ ᠦᠭᠡᠢ ᠠᠰᠠᠭᠤᠳᠠᠯ ᠳᠤ ᠴᠢᠭᠯᠡᠭᠦᠯᠦᠨ᠂ ᠭᠤᠣᠯ ᠭᠠᠷᠤᠯᠲᠠ ᠶᠢᠨ | ᠣᠷᠣᠨ ᠤ ᠨᠠᠷᠢᠯᠢᠭ ᠴᠠᠷᠳᠠᠭᠤᠯ᠂ ᠪᠦᠷᠢᠨ ᠨᠤᠨᠳᠠᠭ ᠵᠡᠷᠭᠡ ᠶᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠳᠠᠪᠠᠭᠤᠯᠢᠭ ᠢ ᠨᠢ ᠪᠠᠬᠢᠵᠢᠭᠦᠯᠦᠨ | ᠳᠡᠭᠡᠭᠰᠢᠯᠡᠭᠦᠯᠵᠦ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠤᠪᠢᠷᠠᠮᠠᠯ ᠴᠠᠷᠳᠠᠭᠤᠯ ᠵᠡᠷᠭᠡ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ | ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠨᠢ ᠵᠣᠷᠢᠭᠵᠢᠭᠤᠯᠤᠨ᠂ ᠲᠥᠮᠥᠰᠥᠨ ᠬᠡᠷᠴᠢᠮ᠂ | ᠲᠥᠮᠥᠰᠥᠨ ᠵᠦᠰᠦᠮ᠂ ᠲᠥᠮᠥᠰᠥᠨ ᠪᠣᠣᠪᠤ᠂ ᠳᠦᠭᠦᠮ ᠨᠠᠷᠢᠨ ᠹᠧᠨᠲ᠋ᠢᠶᠣᠤᠷ᠂ ᠤᠷᠢᠳᠴᠢᠯᠠᠨ ᠬᠢᠭᠰᠡᠨ ᠵᠠᠭᠤᠰᠢ᠂ ᠨᠤᠲᠤᠭ ᠪᠦᠰᠡ ᠶᠢᠨ ᠣᠨᠴᠠᠯᠢᠭᠲᠤ ᠭᠤᠣᠯ | ᠢᠳᠡᠭᠡᠨ ᠤ ᠪᠦᠲᠦᠭᠡᠭᠳᠡᠬᠦᠨ᠂ ᠬᠠᠭᠰᠠᠭᠠᠮᠠᠯ ᠪᠣᠣᠪᠤ ᠪᠣᠭᠤᠷᠰᠤᠭ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ᠂ ᠢᠳᠡᠭᠡᠨ ᠤ ᠰᠢᠷᠬᠡᠭᠯᠢᠭ ᠡᠳ᠋᠂ | ᠵᠢᠮᠢᠰ ᠤᠨ ᠴᠠᠪᠠᠤᠯᠢᠭ᠂ ᠲᠥᠮᠥᠰᠥ ᠶᠢᠨ ᠤᠭᠤᠷᠠᠭ ᠵᠡᠷᠭᠡ ᠥᠨᠳᠥᠷ ᠨᠡᠮᠡᠯᠲᠡ ᠦᠷᠲᠡᠭ ᠪᠦᠬᠦᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ | ︵ᠲᠠᠪᠤ︶ ᠰᠢᠷ᠎ᠠ ᠪᠤᠷᠴᠠᠭ ᠤᠨ ᠪᠦᠲᠦᠭᠡᠭᠳᠡᠬᠦᠨ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠵᠡᠷᠭᠡ ᠠᠶᠢᠮᠠᠭ ᠬᠤᠲᠠ ᠪᠠᠷ | ᠭᠤᠣᠯᠳᠠᠯᠭ᠎ᠠ ᠪᠣᠯᠭᠠᠨ᠂ ᠲᠦᠭᠦᠬᠡᠢ ᠮᠠᠲ᠋ᠧᠷᠢᠶᠠᠯ ᠤᠨ ᠳᠠᠪᠠᠭᠤᠯᠢᠭ ᠪᠠ ᠲᠦᠷᠦᠯ ᠵᠦᠢᠯ ᠤᠨ ᠣᠨᠴᠠᠯᠢᠭ ᠲᠤ ᠲᠦᠰᠢᠭᠯᠡᠵᠦ᠂ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠤᠨ ᠬᠡᠪᠴᠢᠶ᠎ᠡ ᠪᠠᠷ ᠵᠢᠵᠢᠭ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠪᠠᠷ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠣᠳᠣ ᠶᠢᠨ ᠪᠠᠶᠢᠭ᠎ᠠ ᠰᠢᠷ᠎ᠠ ᠪᠤᠷᠴᠠᠭ ᠤᠨ ᠲᠣᠰᠣ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠶᠢ ᠭᠦᠢᠴᠡᠳ ᠬᠥᠭᠵᠢᠭᠡᠵᠦ᠂ ᠬᠠᠷᠠᠰᠣ ᠮᠢᠬ᠎ᠠ᠂ ᠤᠭᠤᠷᠠᠭ ᠤᠨ | ᠲᠦᠷᠦᠯ ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠨᠢ ᠭᠤᠣᠯᠳᠠᠯᠭ᠎ᠠ ᠲᠠᠢ ᠳᠠᠮᠵᠢᠵᠦ᠂ ᠰᠢᠷ᠎ᠠ ᠪᠤᠷᠴᠠᠭ ᠤᠨ ᠫᠧᠫᠲ᠋ᠢᠳ᠋ ᠨᠤᠨᠳᠠᠭ᠂ ᠰᠢᠷ᠎ᠠ | ᠪᠤᠷᠴᠠᠭ ᠤᠨ ᠣᠯᠠᠨ ᠰᠢᠬᠢᠷ᠂ ᠰᠡᠯᠡᠭᠦᠴᠡᠯ ᠤᠨ ᠬᠠᠲᠠᠭᠠᠮᠠᠯ ᠨᠢᠲᠠᠷᠬᠠᠢ᠂ ᠭᠠᠰᠢᠯᠭᠠᠭᠰᠠᠨ ᠨᠢᠲᠠᠷᠬᠠᠢ᠂ ᠪᠤᠷᠴᠠᠭ ᠤᠨ ᠥᠷᠥᠮ᠎ᠡ᠂ ᠪᠤᠷᠴᠠᠭ ᠤᠨ ᠨᠤᠨᠳᠠᠭ ᠵᠡᠷᠭᠡ | ᠪᠦᠲᠦᠭᠡᠭᠳᠡᠬᠦᠨ ᠢ ᠬᠥᠭᠵᠢᠭᠦᠯᠵᠦ᠂ ᠬᠥᠯᠥᠨ ᠪᠤᠶᠢᠷ ᠤᠨ ᠰᠢᠷ᠎ᠠ ᠪᠤᠷᠴᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ | ᠪᠤᠶᠢᠵᠢᠭᠤᠯᠤᠨ᠎ᠠ᠃ | ︵ᠵᠢᠷᠭᠤᠭ᠎ᠠ︶ ᠠᠮᠤ ᠭᠤᠯᠢᠷ ᠲᠣᠰᠣ ᠰᠢᠬᠢᠷ ᠵᠢᠴᠢ ᠡᠯᠳᠡᠪ ᠠᠮᠤ ᠶᠢᠨ ᠪᠦᠲᠦᠭᠡᠭᠳᠡᠬᠦᠨ᠃ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ᠂ ᠬᠢᠩᠭᠠᠨ ᠠᠶᠢᠮᠠᠭ᠂ | ᠲᠦᠩᠯᠢᠶᠣᠣ ᠬᠤᠲᠠ᠂ ᠬᠦᠬᠡᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ᠂ ᠪᠤᠭᠤᠲᠤ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ᠂ | ᠭᠠᠷᠤᠯᠲᠠ ᠶᠢᠨ ᠣᠷᠣᠨ ᠤ ᠳᠠᠪᠠᠭᠤᠯᠢᠭ ᠲᠤ ᠲᠦᠰᠢᠭᠯᠡᠵᠦ᠂ ᠡᠳ᠋ᠰᠢᠭᠦᠯᠦᠨ ᠪᠤᠯᠪᠠᠰᠤᠷᠠᠭᠤᠯᠬᠤ ᠠᠷᠭ᠎ᠠ ᠮᠠᠶ᠋ᠢᠭ ᠢᠶᠠᠷ ᠬᠤᠴᠤᠷᠤᠩᠭᠤᠢ᠂ ᠪᠦᠲᠦᠭᠡᠭᠳᠡᠬᠦᠨ ᠨᠢ ᠳᠠᠩ | ᠴᠤᠯᠭᠤᠢ᠂ ᠮᠡᠷᠭᠡᠵᠢᠯ ᠲᠥᠬᠦᠭᠡᠷᠦᠮᠵᠢ ᠶᠢᠨ ᠬᠢᠷᠢ ᠲᠦᠪᠰᠢᠨ ᠨᠢ ᠳᠣᠣᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠤᠨ ᠮᠡᠷᠭᠡᠵᠢᠯ ᠤᠨ ᠲᠠᠯ᠎ᠠ ᠳᠤ ᠰᠢᠨ᠎ᠡ ᠶᠢ ᠡᠭᠦᠳᠬᠦ ᠪᠠ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠢ ᠨᠢ ᠳᠠᠮᠵᠢᠵᠤ᠂ ᠲᠤᠲᠤᠷᠭ᠎ᠠ᠂ ᠨᠠᠷᠢᠮᠤ᠂ | ᠭᠤᠯᠢᠷ᠂ ᠨᠠᠷᠠᠨ ᠬᠤᠸᠠᠷ ᠤᠨ ᠲᠣᠰᠣ᠂ ᠶᠠᠮᠠ ᠶᠢᠨ ᠦᠷ᠎ᠡ ᠶᠢᠨ ᠲᠣᠰᠣ᠂ ᠳᠥᠷᠪᠡᠯᠵᠢᠨ ᠰᠢᠬᠢᠷ᠂ ᠴᠠᠰᠤᠨ ᠰᠢᠬᠢᠷ᠂ ᠴᠠᠭᠠᠨ ᠬᠠᠶᠢᠷᠮᠠᠭ ᠰᠢᠬᠢᠷ ᠪᠠ ᠨᠣᠬᠠᠢ ᠶᠢᠨ | ᠬᠤᠰᠢᠭᠤ ᠶᠢᠨ ᠠᠮᠤ᠂ ᠨᠣᠬᠠᠢ ᠶᠢᠨ ᠬᠤᠰᠢᠭᠤ ᠶᠢᠨ ᠬᠡᠯᠲᠡᠷᠬᠡᠢ᠂ ᠰᠠᠭᠠᠭ᠂ ᠨᠦᠢᠯ ᠪᠤᠭᠤᠳᠠᠢ ᠵᠡᠷᠭᠡ ᠡᠯᠳᠡᠪ ᠠᠮᠤ ᠶᠢᠨ ᠪᠦᠲᠦᠭᠡᠭᠳᠡᠬᠦᠨ ᠢ ᠭᠤᠣᠯᠳᠠᠯᠭ᠎ᠠ ᠲᠠᠢ | ᠬᠥᠭᠵᠢᠭᠦᠯᠵᠦ᠂ ᠬᠢᠩᠭᠠᠨ ᠠᠶᠢᠮᠠᠭ ᠤᠨ ᠲᠤᠲᠤᠷᠭ᠎ᠠ᠂ ᠪᠠᠶᠠᠨᠨᠠᠭᠤᠷ ᠤᠨ ᠪᠤᠭᠤᠳᠠᠢ᠂ ᠪᠣᠷᠣᠳᠣᠬᠤᠢ ᠶᠢᠨ ᠨᠠᠷᠠᠨ ᠬᠤᠸᠠᠷ᠂ ᠠᠤᠬᠠᠨ ᠤ ᠨᠠᠷᠢᠮᠤ᠂ ᠤᠯᠠᠭᠠᠨᠴᠠᠪ ᠤᠨ | ᠨᠣᠬᠠᠢ ᠶᠢᠨ ᠬᠤᠰᠢᠭᠤ᠂ ᠬᠦᠷᠢᠶ᠎ᠡ ᠶᠢᠨ ᠰᠠᠭᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠲᠣᠪᠤᠶᠢᠯᠭᠠᠨ ᠪᠤᠶᠢᠵᠢᠭᠤᠯᠤᠨ᠎ᠠ᠃ | ︵ᠳᠣᠯᠤᠭ᠎ᠠ︶ ᠨᠠᠷᠠᠨ ᠬᠤᠸᠠᠷ ᠤᠨ ᠦᠷ᠎ᠡ ᠵᠡᠷᠭᠡ ᠰᠡᠯᠡᠭᠦᠴᠡᠯ ᠤᠨ ᠳᠦᠭᠦᠮ ᠢᠳᠡᠭᠡᠨ ᠤ ᠵᠦᠢᠯ᠃ ᠪᠠᠶᠠᠨᠨᠠᠭᠤᠷ ᠬᠤᠲᠠ᠂ ᠲᠦᠩᠯᠢᠶᠣᠣ ᠬᠤᠲᠠ᠂ | ᠤᠯᠠᠭᠠᠨᠴᠠᠪ ᠬᠤᠲᠠ᠂ ᠪᠤᠭᠤᠲᠤ ᠬᠤᠲᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ ᠵᠡᠷᠭᠡ ᠠᠶᠢᠮᠠᠭ ᠬᠤᠲᠠ ᠪᠠᠷ | ᠭᠤᠣᠯᠳᠠᠯᠭ᠎ᠠ ᠪᠣᠯᠭᠠᠨ᠂ ᠨᠠᠷᠠᠨ ᠬᠤᠸᠠᠷ᠂ ᠦᠬᠡᠷ ᠤᠨ ᠮᠢᠬ᠎ᠠ᠂ ᠵᠢᠮᠢᠰ ᠪᠠ ᠢᠳᠡᠰᠢᠨ ᠨᠣᠭᠤᠭ᠎ᠠ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ | ᠮᠡᠷᠭᠡᠵᠢᠯ ᠲᠣᠨᠣᠭᠯᠠᠯ ᠤᠨ ᠬᠢᠷᠢ ᠲᠦᠪᠰᠢᠨ ᠢᠶᠠᠷ ᠳᠣᠣᠷ᠎ᠠ᠂ ᠪᠦᠲᠦᠭᠡᠭᠳᠡᠬᠦᠨ ᠤ ᠲᠦᠷᠦᠯ ᠢᠯᠭᠠᠯ ᠢᠶᠠᠷ ᠴᠥᠭᠡᠨ ᠪᠠᠶᠢᠬᠤ ᠠᠰᠠᠭᠤᠳᠠᠯ ᠳᠤ ᠴᠢᠭᠯᠡᠭᠦᠯᠦᠨ᠂ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠲᠦᠭᠡᠭᠳᠡᠬᠦᠨ ᠰᠤᠳᠤᠯᠤᠨ ᠨᠡᠭᠡᠭᠡᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠲᠥᠬᠦᠭᠡᠷᠦᠮᠵᠢ ᠪᠠᠨ | ᠰᠢᠨᠡᠳᠬᠡᠬᠦ ᠶᠢ ᠨᠢ ᠳᠠᠮᠵᠢᠵᠤ᠂ ᠭᠤᠸ᠎ᠠ ᠶᠢᠨ ᠦᠷ᠎ᠡ ︵ᠨᠠᠷᠠᠨ ᠬᠤᠸᠠᠷ ᠤᠨ ᠦᠷ᠎ᠡ᠂ ᠯᠠᠩᠭᠤᠸᠠ ᠶᠢᠨ ᠦᠷ᠎ᠡ᠂ ᠬᠤᠯᠤ ᠶᠢᠨ ᠦᠷ᠎ᠡ ᠵᠡᠷᠭᠡ︶᠂ ᠦᠬᠡᠷ ᠤᠨ ᠪᠣᠷᠴᠠ᠂ | ᠵᠢᠮᠢᠰ ᠪᠠ ᠢᠳᠡᠰᠢᠨ ᠨᠣᠭᠤᠭᠠᠨ ᠤ ᠬᠡᠦᠷᠡᠭ ᠢᠯᠲᠠᠰᠤ᠂ ᠵᠢᠮᠢᠰ ᠤᠨ ᠬᠠᠲᠠᠭᠠᠮᠠᠯ᠂ ᠲᠦᠷᠭᠡᠨ ᠬᠥᠯᠳᠡᠭᠡᠭᠰᠡᠨ ᠱᠣᠣᠮᠠᠢ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ | ᠬᠥᠭᠵᠢᠭᠦᠯᠵᠦ᠂ ᠨᠢᠭᠡ ᠪᠦᠯᠦᠭ ᠰᠡᠯᠡᠭᠦᠴᠡᠯ ᠤᠨ ᠳᠥᠭᠦᠮ ᠢᠳᠡᠭᠡᠨ ᠤ ᠵᠦᠢᠯ ᠪᠠ ᠨᠡᠷᠡᠲᠦ ᠲᠡᠮᠳᠡᠭ ᠢ ᠰᠢᠨ᠎ᠡ ᠪᠠᠷ ᠪᠤᠶᠢᠵᠢᠭᠤᠯᠤᠨ᠎ᠠ᠃ | ︵ᠨᠠᠢᠮᠠ︶ ᠠᠮᠲᠠ ᠣᠷᠤᠭᠤᠯᠬᠤ ᠪᠦᠲᠦᠭᠡᠭᠳᠡᠬᠦᠨ᠃ ᠬᠦᠬᠡᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠵᠡᠷᠭᠡ ᠠᠶᠢᠮᠠᠭ | ᠬᠤᠲᠠ ᠪᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠳᠤ ᠲᠦᠰᠢᠭᠯᠡᠵᠦ᠂ ᠮᠡᠷᠭᠡᠵᠢᠯ ᠤᠨ ᠰᠢᠨ᠎ᠡ ᠡᠭᠦᠳᠦᠯᠲᠡ ᠬᠦᠷᠦᠯᠴᠡᠬᠦ ᠦᠭᠡᠢ᠂ | ᠨᠡᠷᠡᠲᠦ ᠲᠡᠮᠳᠡᠭ ᠤᠨ ᠲᠠᠨᠢᠨ ᠮᠡᠳᠡᠬᠦ ᠬᠡᠮᠵᠢᠶ᠎ᠡ ᠳᠣᠣᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠨᠢ ᠳᠠᠮᠵᠢᠵᠤ᠂ ᠭᠠᠷᠭᠠᠨ ᠠᠪᠬᠤ᠂ ᠢᠰᠬᠡᠭᠦᠷ ᠤᠨ ᠵᠠᠳᠠᠷᠠᠯ᠂ | ᠢᠰᠬᠡᠬᠦ ᠵᠡᠷᠭᠡ ᠮᠡᠷᠭᠡᠵᠢᠯ ᠢᠶᠠᠷ ᠳᠠᠮᠵᠢᠭᠤᠯᠤᠨ᠂ ᠲᠡᠵᠢᠭᠡᠯᠲᠦ ᠴᠢᠨᠠᠷᠲᠠᠢ ᠱᠥᠯᠥᠨ ᠨᠠᠶᠢᠷᠠᠯᠭ᠎ᠠ ᠵᠡᠷᠭᠡ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠠᠯᠠᠭᠤᠨ | ᠲᠣᠭᠤᠭᠠᠨ ᠤ ᠨᠠᠶᠢᠷᠠᠯᠭ᠎ᠠ ᠶᠢᠨ ᠮᠠᠲ᠋ᠧᠷᠢᠶᠠᠯ ᠪᠠ ᠪᠠᠭᠰᠤᠷᠭ᠎ᠠ᠂ ᠮᠠᠭᠠᠵᠢ ᠶᠢᠨ ᠡᠭᠡᠳᠡᠩ᠂ ᠲᠥᠪᠡᠳ ᠬᠠᠰᠢ ᠶᠢᠨ ᠡᠭᠡᠳᠡᠩ᠂ ᠯᠠᠵᠤᠤ ᠵᠢᠶᠠᠩ᠂ ᠵᠢᠶᠠᠩᠶ᠋ᠢᠦ᠂ | ᠢᠳᠡᠭᠡᠨ ᠤ ᠼᠤᠤ᠂ ᠮᠠᠭᠠᠯᠢᠩᠭᠤ ᠶᠢᠨ ᠲᠣᠰᠣ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ᠂ ᠰᠢᠨ᠎ᠡ ᠵᠠᠭᠤᠴᠢᠯᠠᠭᠤᠷ ᠢ ᠠᠰᠢᠭᠯᠠᠨ ᠠᠵᠤ | ᠠᠬᠤᠶᠢᠯᠠᠯ ᠤᠨ ᠨᠡᠷᠡᠲᠦ ᠲᠡᠮᠳᠡᠭ ᠤᠨ IP ᠢ ᠪᠣᠢ ᠪᠣᠯᠭᠠᠨ᠎ᠠ᠃ | ︵ᠶᠢᠰᠦ︶ ᠣᠨᠴᠠᠯᠢᠭᠲᠤ ᠡᠷᠡᠭᠦᠯᠵᠢᠯ ᠤᠨ ᠪᠦᠲᠦᠭᠡᠭᠳᠡᠬᠦᠨ᠃ ᠣᠷᠳᠣᠰ ᠬᠤᠲᠠ᠂ ᠤᠯᠠᠭᠠᠨᠬᠠᠳᠠ ᠬᠤᠲᠠ᠂ ᠬᠦᠬᠡᠬᠤᠲᠠ᠂ ᠠᠯᠠᠱᠠ ᠠᠶᠢᠮᠠᠭ᠂ ᠪᠠᠶᠠᠨᠨᠠᠭᠤᠷ | ᠬᠤᠲᠠ᠂ ᠪᠤᠭᠤᠲᠤ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠡᠭᠦᠰᠦᠯᠲᠡ ᠬᠤᠵᠢᠭᠤ᠂ ᠰᠠᠭᠤᠷᠢ ᠨᠢᠮᠭᠡᠨ᠂ ᠰᠤᠳᠤᠯᠤᠨ | ᠨᠡᠭᠡᠭᠡᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠭᠤᠣᠯᠳᠠᠯᠭ᠎ᠠ ᠲᠠᠢ ᠲᠦᠷᠦᠯ | ᠵᠦᠢᠯ ᠢ ᠨᠠᠶᠢᠳᠠᠪᠤᠷᠢᠵᠢᠭᠤᠯᠬᠤ ᠶᠢ ᠨᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠤᠨ ᠤᠯᠠᠷᠢᠭᠤᠯᠬᠤ | ᠠᠵᠢᠯ ᠢ ᠥᠷᠨᠢᠭᠦᠯᠦᠨ᠂ ᠡᠷᠭᠢᠭᠦᠯᠭᠡᠲᠦ ᠵᠠᠮᠠᠭ᠂ ᠴᠠᠭᠠᠨ ᠭᠤᠶᠣᠣ᠂ ᠬᠤᠨᠴᠢᠷ᠂ ᠴᠢᠨ᠋ᠸ᠎ᠠ ᠶᠢᠨ ᠬᠠᠷᠮᠠᠭ᠂ ᠬᠤᠷᠳᠤᠨ ᠴᠠᠭᠠᠨ ᠤ ᠡᠷᠡᠭᠦᠯᠵᠢᠯ ᠤᠨ ᠪᠠᠷᠠᠭ᠎ᠠ ᠪᠠ | ᠤᠭᠤᠷᠠᠭ ᠤᠨ ᠫᠧᠫᠲ᠋ᠢᠳ᠋᠂ ᠴᠠᠪᠠᠤᠯᠢᠭ ᠤᠭᠤᠷᠠᠭ᠂ ᠴᠢᠴᠠᠷᠭᠠᠨ᠎ᠠ ᠶᠢᠨ ᠲᠣᠰᠣ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ᠂ ᠣᠲᠤᠭ ᠤᠨ | ᠡᠷᠭᠢᠭᠦᠯᠭᠡᠲᠦ ᠵᠠᠮᠠᠭ᠂ ᠠᠯᠠᠱᠠ ᠶᠢᠨ ᠴᠠᠭᠠᠨ ᠭᠤᠶᠣᠣ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠤᠶᠢᠵᠢᠭᠤᠯᠤᠨ᠎ᠠ᠃ | ︵ᠠᠷᠪᠠ︶ ᠠᠷᠢᠬᠢᠨ ᠤ ᠵᠦᠢᠯ ᠤᠨ ᠪᠦᠲᠦᠭᠡᠭᠳᠡᠬᠦᠨ᠃ ᠪᠠᠶᠠᠨᠨᠠᠭᠤᠷ ᠬᠤᠳᠠ᠂ ᠲᠦᠩᠯᠢᠶᠣᠣ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ | ᠦᠬᠠᠢ ᠬᠤᠳᠠ ᠵᠡᠷᠭᠡ ᠠᠶᠢᠮᠠᠭ ᠬᠤᠳᠠ ᠪᠠᠷ ᠭᠤᠣᠯᠳᠠᠯᠭ᠎ᠠ ᠪᠣᠯᠭᠠᠨ᠂ ᠨᠡᠷᠡᠲᠦ ᠠᠷᠢᠬᠢᠨ ᠤ ᠠᠵᠤ ᠠᠬᠤᠶᠢᠯᠠᠯ ᠪᠠ ᠨᠡᠷᠡᠲᠦ ᠲᠡᠮᠳᠡᠭ ᠴᠥᠭᠡᠨ᠂ ᠵᠠᠬ᠎ᠠ | ᠳᠡᠯᠭᠡᠭᠦᠷ ᠢᠶᠠᠨ ᠥᠷᠭᠡᠵᠢᠭᠦᠯᠬᠦ ᠲᠠᠯ᠎ᠠ ᠪᠠᠷ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ᠬᠠᠷ᠎ᠠ ᠠᠷᠢᠬᠢ᠂ ᠫᠢᠸᠤ᠋᠂ ᠦᠵᠦᠮ ᠤᠨ ᠠᠷᠢᠬᠢ᠂ ᠴᠡᠭᠡ᠂ | ᠰᠠᠭᠠᠯᠢ ᠶᠢᠨ ᠠᠷᠢᠬᠢ ᠵᠡᠷᠭᠡ ᠪᠦᠲᠦᠭᠡᠭᠳᠡᠬᠦᠨ ᠤ ᠲᠣᠭᠤᠷᠢᠨ ᠳᠤ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠨᠢ ᠳᠡᠮᠵᠢᠵᠦ᠂ | ᠨᠡᠷᠡᠲᠦ ᠲᠡᠮᠳᠡᠭ ᠤᠨ ᠤᠬᠠᠭᠤᠯᠭ᠎ᠠ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠠᠭᠤᠷᠢᠰᠬᠠᠯ ᠲᠠᠢ᠂ ᠠᠷᠠᠯᠵᠢᠶ᠎ᠠ ᠮᠠᠶᠢᠮᠠᠢ | ᠰᠠᠶᠢᠨ ᠬᠡᠳᠦᠨ ᠨᠡᠷᠡᠲᠦ ᠠᠵᠤ ᠠᠬᠤᠶᠢᠯᠠᠯ ᠢ ᠪᠤᠶᠢᠵᠢᠭᠤᠯᠤᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠡᠵᠡᠩᠨᠡᠯᠲᠡ ᠶᠢᠨ ᠭᠤᠣᠯ ᠴᠣᠭᠴᠠ ᠶᠢ ᠳᠠᠲᠠᠨ ᠣᠷᠣᠭᠤᠯᠵᠤ ᠪᠤᠶᠢᠵᠢᠭᠤᠯᠬᠤ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ | 1. ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠶᠢ ᠴᠢᠩᠭᠠᠷᠠᠭᠤᠯᠤᠨ᠎ᠠ᠃ ᠭᠠᠳᠠᠭᠰᠢ ᠠᠷᠠᠯᠵᠢᠶᠠᠯᠠᠭᠰᠠᠨ ᠬᠠᠷ᠎ᠠ ᠪᠤᠳᠠᠭ᠎ᠠ ᠠᠮᠢᠳᠤ ᠮᠠᠯ ᠤᠨ ᠭᠤᠣᠯ | ᠲᠦᠷᠦᠯ ᠵᠦᠢᠯ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠭᠤᠣᠯᠳᠠᠭ᠎ᠠ ᠲᠠᠢ ᠬᠦᠷᠢᠶ᠎ᠡ ᠴᠠᠷᠠᠭ᠎ᠠ ᠪᠠ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠬᠡᠯᠬᠢᠶ᠎ᠡ ᠶᠢᠨ ᠳᠤᠲᠠᠭᠤᠳᠠᠯ ᠤᠨ ᠲᠣᠭᠤᠷᠢᠨ ᠳᠤ᠂ ᠭᠠᠵᠠᠷ ᠣᠷᠣᠨ ᠤ ᠬᠠᠮᠵᠢᠯᠴᠠᠭ᠎ᠠ ᠪᠠᠨ | ᠴᠢᠩᠭᠠᠷᠠᠭᠤᠯᠵᠤ᠂ ᠬᠤᠳᠠᠯᠳᠤᠭᠠᠴᠢᠨ ᠤᠷᠢᠬᠤ ᠬᠠᠷᠠᠯᠲᠠ ᠪᠠᠨ ᠵᠣᠬᠢᠰᠲᠠᠢ ᠲᠣᠭᠲᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠠᠪᠠᠭᠤᠯᠢᠭ ᠠᠵᠤ | ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠢᠭᠡ ᠪᠦᠯᠦᠭ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠨᠠᠷᠢᠯᠢᠭ ᠭᠦᠨ | ᠡᠳ᠋ᠰᠢᠭᠦᠯᠦᠨ ᠪᠤᠯᠪᠠᠰᠤᠷᠠᠭᠤᠯᠬᠤ᠂ ᠪᠣᠭᠤᠳᠠᠯ ᠪᠠᠭᠯᠠᠭ᠎ᠠ ᠵᠢᠷᠤᠭᠯᠠᠨ ᠲᠥᠯᠥᠪᠯᠡᠬᠦ᠂ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ᠂ ᠡᠵᠡᠩᠨᠡᠨ ᠪᠣᠷᠣᠯᠠᠭᠤᠯᠬᠤ | ᠠᠷᠠᠯᠵᠢᠶ᠎ᠠ ᠵᠡᠷᠭᠡ ᠰᠠᠶᠢᠨ ᠲᠦᠷᠦᠯ ᠵᠦᠢᠯ ᠢ ᠰᠠᠭᠤᠷᠢᠰᠢᠭᠤᠯᠬᠤ ᠪᠠᠷ ᠬᠦᠴᠦᠯᠡᠨ ᠴᠢᠷᠮᠠᠶᠢᠵᠤ᠂ ᠢᠵᠢᠯᠢ ᠴᠢᠨᠠᠷ ᠤᠨ ᠥᠷᠢᠰᠦᠯᠳᠦᠭᠡᠨ ᠬᠢᠬᠦ ᠠᠴᠠ ᠵᠠᠶᠢᠯᠠᠰᠬᠢᠬᠦ | ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | 2. ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ | ︹ 2024︺ 61 ᠳ᠋ᠦ᠋ᠭᠡᠷ ᠲᠣᠭᠠᠲᠤ︶ ᠢ ᠰᠠᠶᠢᠲᠤᠷ ᠨᠠᠶᠢᠳᠠᠪᠤᠷᠢᠵᠢᠭᠤᠯᠵᠤ᠂ ᠵᠢᠭᠡᠯᠡᠯᠭᠡ ᠶᠢᠨ ᠳᠠᠮ ᠬᠦᠦ ᠥᠭᠬᠦ᠂ ᠱᠠᠩᠨᠠᠨ ᠬᠥᠬᠢᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠠᠮᠵᠢᠨ᠎ᠠ᠃ ᠵᠠᠰᠠᠭ ᠤᠨ ᠣᠷᠳᠣᠨ ᠤ ᠪᠡᠯᠡ | ᠣᠷᠤᠭᠤᠯᠤᠯᠲᠠ ᠶᠢᠨ ᠰᠠᠭᠤᠷᠢ ᠮᠥᠩᠭᠦᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠨᠡᠶᠢᠯᠡᠭᠦᠯᠬᠦ᠂ ᠳᠠᠬᠢᠨ ᠵᠣᠬᠢᠶᠠᠨ ᠪᠠᠶᠢᠭᠤᠯᠬᠤ᠂ ᠬᠤᠳᠠᠯᠳᠤᠨ ᠠᠪᠬᠤ᠂ ᠬᠤᠪᠢᠴᠠᠭ᠎ᠠ ᠡᠵᠡᠮᠳᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠵᠡᠩᠨᠡᠯᠲᠡ ᠶᠢᠨ ᠬᠡᠪᠴᠢᠶᠡᠵᠢᠯ ᠢᠶᠠᠨ ᠥᠷᠭᠡᠳᠬᠡᠵᠦ᠂ ᠲᠥᠪ ᠲᠣᠭᠤᠭᠠᠨ ᠭᠡᠷ᠂ ᠰᠢᠭᠤᠳ ᠬᠠᠩᠭᠠᠵᠤ ᠰᠢᠭᠤᠳ ᠪᠣᠷᠣᠯᠠᠭᠤᠯᠬᠤ ᠵᠡᠷᠭᠡ | ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ ᠬᠥᠲᠥᠴᠢ ᠠᠵᠤ ᠠᠬᠤᠶᠢᠯᠠᠯ ᠤᠨ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ | ᠬᠥᠲᠥᠴᠢ ᠠᠵᠤ ᠠᠬᠤᠶᠢᠯᠠᠯ ᠢ 10 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 20 ᠠᠴᠠ ᠳᠡᠭᠡᠭᠰᠢ | ᠰᠢᠨ᠎ᠡ ᠪᠠᠷ ᠮᠠᠭᠠᠳᠯᠠᠨ ᠲᠣᠭᠲᠠᠭᠠᠬᠤ ᠪᠠᠷ ᠬᠦᠴᠦᠯᠡᠨ ᠴᠢᠷᠮᠠᠶᠢᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠬᠦᠷᠢᠶ᠎ᠡ ᠴᠠᠷᠠᠭᠠᠨ ᠳᠠᠬᠢ | ︽ᠲᠤᠰᠬᠠᠢ ᠨᠠᠷᠢᠯᠢᠭ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠪᠤᠶᠢᠵᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ︶ | 3. ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠲᠦᠷᠦᠯ ᠢᠯᠭᠠᠯ ᠪᠦᠷᠢ ᠳᠤ ᠬᠡᠯᠬᠢᠶ᠎ᠡ ᠶᠢᠨ ᠭᠤᠣᠯ | ᠪᠣᠯᠬᠤ ᠠᠵᠤ ᠠᠬᠤᠶᠢᠯᠠᠯ ᠢ 5 ᠣᠷᠴᠢᠮ ᠰᠢᠯᠢᠨ ᠰᠣᠩᠭᠤᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ | ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠨᠢ ᠠᠶᠢᠮᠠᠭ ᠬᠤᠲᠠ ᠲᠠᠢ | ᠬᠤᠯᠪᠣᠭᠠᠯᠠᠵᠤ ᠪᠠᠶᠢᠭᠠᠳ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠢᠩᠬᠢᠮ ᠤᠨ ᠳᠡᠰ ᠤᠨ ᠺᠠᠳ᠋ᠷ ᠤᠨ ︽ᠨᠢᠭᠡ ᠶᠢ ᠨᠢᠭᠡ ᠳᠤ ᠴᠢᠭᠯᠡᠭᠦᠯᠦᠭᠰᠡᠨ︾ | ᠬᠠᠷᠢᠯᠴᠠᠬᠤ ᠦᠢᠯᠡᠴᠢᠯᠡᠭᠡ ᠶᠢ ᠬᠡᠷᠡᠭᠵᠢᠭᠦᠯᠦᠨ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ᠂ ᠵᠠᠬ᠎ᠠ ᠳᠡᠯᠭᠡᠭᠦᠷ ᠢ ᠨᠢ ᠥᠷᠭᠡᠵᠢᠭᠦᠯᠦᠨ᠂ ᠵᠠᠬᠢᠶᠠᠯᠠᠭ᠎ᠠ ᠶᠢᠨ ᠬᠠᠭᠤᠳᠠᠰᠤ ᠣᠯᠵᠤ ᠥᠭᠭᠦᠨ᠎ᠡ᠃ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ | ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠳ᠋ᠢᠭᠢᠳ᠋ᠴᠢᠯᠡᠭᠰᠡᠨ ᠲᠡᠶᠢᠰᠢ | ᠬᠡᠯᠪᠡᠷᠢ ᠪᠠᠨ ᠬᠤᠪᠢᠷᠠᠭᠤᠯᠬᠤ ᠪᠠ ᠨᠡᠷᠡᠲᠦ ᠲᠡᠮᠳᠡᠭ ᠱᠤᠭᠤᠬᠤ ᠠᠵᠢᠯᠯᠠᠭ᠎ᠠ ᠶᠢ ᠳᠠᠮᠵᠢᠵᠤ᠂ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ | ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠬᠦᠷᠢᠶᠡᠯᠡᠩ ᠲᠣᠭᠤᠷᠢᠭ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ | 1. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠰᠤᠳᠤᠯᠤᠨ ᠨᠡᠭᠡᠭᠡᠵᠦ ᠰᠢᠨ᠋᠎ᠡ ᠡᠭᠦᠳᠦᠯᠲᠡ | ᠭᠠᠷᠭᠠᠬᠤ ᠪᠠᠨ ᠲᠦ᠋ᠷᠭᠡᠳᠬᠡᠨ᠋ᠡ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ ᠤᠨ ᠰᠤᠳᠤᠯᠤᠨ | ᠨᠡᠭᠡᠭᠡᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠣᠷᠣᠭᠤᠯᠤᠯᠲᠠ ᠬᠢᠬᠦ ᠡᠷᠴᠢᠮ ᠢᠶᠠᠨ ᠨᠡᠮᠡᠭᠳᠡᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢᠶᠠᠷ ᠳᠠᠮᠵᠢᠭᠤᠯᠤᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ | ᠵᠦᠢᠯ ᠡᠳ᠋ᠰᠢᠭᠦᠯᠦᠨ ᠪᠤᠯᠪᠠᠰᠤᠷᠠᠭᠤᠯᠬᠤ ᠭᠠᠷ ᠤᠷᠠᠯᠠᠯ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠪᠣᠭᠤᠳᠠᠯ ᠪᠠᠭᠯᠠᠭ᠎ᠠ ᠵᠢᠷᠤᠭᠯᠠᠨ ᠲᠥᠯᠥᠪᠯᠡᠬᠦ ᠵᠡᠷᠭᠡ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠢ ᠪᠠᠶᠢᠷᠢᠰᠢᠭᠤᠯᠤᠨ ᠥᠷᠨᠢᠭᠦᠯᠵᠦ᠂ ᠮᠡᠷᠭᠡᠵᠢᠯ ᠤᠨ ᠰᠢᠨ᠎ᠡ ᠡᠭᠦᠳᠦᠯᠲᠡ ᠪᠠ ᠪᠦᠲᠦᠭᠡᠭᠳᠡᠬᠦᠨ ᠤ ᠰᠢᠨ᠎ᠡ ᠡᠭᠦᠳᠦᠯᠲᠡ ᠶᠢ | ᠠᠬᠢᠭᠤᠯᠤᠨ᠂ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠨ᠎ᠡ᠃ ᠳ᠋ᠢᠭᠢᠲ ᠪᠠ ᠣᠶᠤᠨᠴᠢ ᠮᠡᠷᠭᠡᠵᠢᠯ᠂ | ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠵᠤ᠂ ᠲᠥᠬᠦᠭᠡᠷᠦᠮᠵᠢ ᠶᠢ ᠰᠢᠨᠡᠳᠬᠡᠬᠦ᠂ ᠭᠠᠷ ᠤᠷᠠᠯᠠᠯ ᠢ ᠲᠠᠰ ᠳᠡᠪᠰᠢᠭᠦᠯᠬᠦ᠂ ᠳ᠋ᠢᠭᠢᠲ ᠪᠠᠷ | ᠬᠦᠴᠦᠨ ᠴᠢᠳᠠᠮᠵᠢ ᠶᠢ ᠨᠢ ᠡᠷᠴᠢᠮᠯᠡᠬᠦ᠂ ᠬᠠᠮᠢᠶᠠᠷᠤᠯᠲᠠ ᠶᠢᠨ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠠᠬᠢᠭᠤᠯᠤᠨ᠎ᠠ᠃ ᠴᠢᠳᠠᠪᠤᠷᠢᠲᠠᠨ ᠤ ᠡᠬᠢ ᠪᠠᠶᠠᠯᠢᠭ ᠤᠨ | ᠬᠥᠮᠥᠷᠭᠡ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠤᠨ ᠬᠥᠮᠥᠷᠭᠡ ᠪᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠳᠣᠷᠬᠠᠢ | ᠬᠠᠭᠤᠳᠠᠰᠤ ᠶᠢ ᠪᠠᠶᠢᠭᠤᠯᠵᠤ᠂ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢᠶᠠᠨ ᠬᠠᠨᠳᠤᠯᠭᠠᠲᠤ ᠴᠢᠨᠠᠷᠲᠠᠢ ᠪᠠᠷ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠮᠠᠨ ᠤ ᠣᠷᠣᠨ ᠤ ᠭᠤᠣᠯᠳᠠᠯᠭ᠎ᠠ ᠲᠠᠢ ᠲᠥᠷᠥᠯ ᠢᠯᠭᠠᠯ᠂ ᠭᠤᠣᠯ ᠦᠢᠯᠡᠳᠬᠦᠨ ᠤ ᠲᠣᠭᠤᠷᠢᠨ ᠳᠤ᠂ ︽ᠮᠧᠩ ᠺᠧ ᠵᠢᠦᠢ︾ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠲᠠᠪᠴᠠᠩ ᠢᠶᠠᠷ ᠳᠠᠮᠵᠢᠭᠤᠯᠤᠨ᠂ ᠪᠥᠬᠦ ᠤᠯᠤᠰ ᠤᠨ ᠬᠡᠪᠴᠢᠶᠡᠨ ᠳᠤ ᠮᠡᠷᠭᠡᠵᠢᠯ ᠤᠨ ᠦᠷ᠎ᠡ ᠪᠦᠲᠦᠭᠡᠯ ᠪᠠ ᠦᠢᠯᠡᠳᠬᠦᠨ ᠤ | ᠵᠢᠷᠤᠭ ᠲᠥᠯᠥᠪᠯᠡᠭᠡ ᠶᠢ ᠡᠯᠰᠡᠨ ᠴᠤᠭᠯᠠᠭᠤᠯᠬᠤ ᠶᠢᠨ ᠬᠠᠮᠲᠤ ᠨᠡᠶᠢᠲᠡᠯᠡᠵᠦ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ᠂ ᠨᠠᠩ ᠣᠯᠠᠨ ᠰᠢᠨ᠎ᠡ ᠦᠢᠯᠡᠳᠬᠦᠨ᠂ | ᠰᠢᠨ᠎ᠡ ᠮᠡᠷᠭᠡᠵᠢᠯ ᠢ ᠮᠠᠨ ᠤ ᠣᠷᠣᠨ ᠳᠤ ᠪᠠᠨ ᠤᠯᠠᠷᠢᠭᠤᠯᠤᠨ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ︶ | 2. ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ | ᠲᠥᠷᠥᠯ ᠵᠦᠢᠯ ᠳᠤ ᠲᠦᠰᠢᠭᠯᠡᠨ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ᠂ ᠮᠠᠯ ᠠᠵᠤ ᠠᠬᠤᠢ ᠶᠢᠨ ᠲᠣᠮᠣ ᠰᠢᠶᠠᠨ ᠤ ᠳᠠᠪᠠᠭᠤᠯᠢᠭ ᠢ ᠪᠠᠳᠠᠷᠠᠭᠤᠯᠵᠤ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠦᠭᠦᠬᠡᠢ ᠮᠠᠲ᠋ᠧᠷᠢᠶᠠᠯ᠂ ᠡᠳ᠋ᠰᠢᠭᠦᠯᠦᠨ ᠪᠣᠯᠪᠠᠰᠤᠷᠠᠭᠤᠯᠬᠤ᠂ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠨᠡᠷᠡᠲᠦ ᠲᠡᠮᠳᠡᠭ ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ | ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠭᠤᠣᠯ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ᠂ ᠲᠥᠪ ᠲᠣᠭᠤᠭᠠᠨ | ᠭᠡᠷ᠂ ᠴᠡᠪᠡᠷ ᠨᠣᠭᠤᠭ᠎ᠠ ᠲᠣᠬᠢᠷᠠᠭᠤᠯᠤᠨ ᠬᠦᠷᠭᠡᠬᠦ᠂ ᠦᠵᠡᠭᠦᠯᠭᠡ ᠶᠢᠨ ᠦᠢᠯᠡᠳᠪᠦᠷᠢ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ᠂ ᠡᠳ᠋ᠰᠢᠭᠦᠯᠦᠨ | ᠪᠤᠯᠪᠠᠰᠤᠷᠠᠭᠤᠯᠬᠤ ᠲᠠᠯ᠎ᠠ ᠳᠤ ᠬᠤᠬᠢᠷᠠᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠬᠤᠷᠠᠭᠤᠯᠤᠨ ᠳᠡᠯᠭᠡᠷᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠠᠰᠢᠭᠯᠠᠨ᠂ ᠨᠥᠬᠦᠴᠡᠯ ᠳᠤ ᠨᠡᠶᠢᠴᠡᠬᠦ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ᠂ ᠪᠠᠶᠢᠴᠠᠭᠠᠨ ᠰᠢᠨᠵᠢᠬᠦ ᠪᠠᠶᠢᠭᠤᠯᠤᠮᠵᠢ ᠪᠠ ᠲᠥᠬᠦᠷ ᠡᠬᠢ ᠪᠠᠶᠠᠯᠢᠭ ᠢ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠭᠦᠯᠬᠦ ᠪᠠᠷ | ᠬᠥᠲᠥᠯᠥᠨ ᠵᠢᠯᠣᠭᠤᠳᠤᠨ᠎ᠠ᠃ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠰᠢᠰᠲ᠋ᠧᠮ᠂ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠪᠠᠺᠲ᠋ᠧᠷᠢ ᠠᠯᠠᠵᠤ ᠰᠣᠷᠭᠤᠭ ᠪᠠᠶᠢᠯᠭᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ | ᠲᠥᠬᠦᠷ ᠵᠦᠢᠯ ᠢ ᠲᠦᠷᠭᠡᠳᠬᠡᠨ ᠲᠡᠭᠦᠯᠳᠡᠷᠵᠢᠭᠦᠯᠵᠦ᠂ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠲᠤᠰᠠᠯᠠᠬᠤ | ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠴᠣᠭᠴᠠᠯᠠᠵᠤ᠂ ᠲᠠᠷᠢᠶᠠᠯᠠᠩ ᠲᠤᠰᠠᠯᠠᠬᠤ | ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | 3. ᠲᠦᠭᠦᠬᠡᠢ ᠡᠳ᠋ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠋ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ | ᠭᠠᠷᠤᠯᠲᠠ ᠶᠢᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠭᠦᠯᠦᠨ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠦᠨ᠂ ᠡᠳ᠋ᠰᠢᠭᠦᠯᠦᠨ | ᠪᠤᠯᠪᠠᠰᠤᠷᠠᠭᠤᠯᠬᠤ ᠲᠠᠯ᠎ᠠ ᠶᠢᠨ ᠦᠢᠯᠡᠳᠪᠦᠷᠢᠯᠡᠬᠦ ᠴᠢᠳᠠᠮᠵᠢ ᠶᠢ ᠵᠦᠢ ᠵᠣᠬᠢᠰᠲᠠᠢ ᠪᠠᠶᠢᠷᠢᠰᠢᠭᠤᠯᠵᠤ᠂ ᠱᠠᠲᠤ ᠲᠡᠰ ᠬᠤᠪᠢᠶᠠᠨ ᠪᠣᠭᠤᠳᠠᠯᠯᠠᠵᠤ ᠪᠠᠭᠯᠠᠬᠤ᠂ | ᠬᠠᠳᠠᠭᠠᠯᠠᠵᠤ ᠰᠣᠷᠭᠤᠭ ᠪᠠᠶᠢᠯᠭᠠᠬᠤ᠂ ᠤᠷᠢᠳᠴᠢᠯᠠᠨ ᠬᠥᠷᠥᠭᠡᠵᠦ ᠬᠥᠯᠳᠡᠭᠡᠵᠦ ᠬᠠᠭᠰᠠᠭᠠᠨ ᠬᠠᠲᠠᠭᠠᠬᠤ ᠵᠡᠷᠭᠡ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ | ᠲᠦᠭᠦᠬᠡᠢ ᠡᠳ᠋ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠤᠨ ᠬᠤᠪᠢᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠳ᠋ᠰᠢᠭᠦᠯᠦᠨ | ᠪᠣᠯᠪᠠᠰᠤᠷᠠᠭᠤᠯᠬᠤ ᠬᠡᠯᠪᠡᠷᠢ ᠶᠢᠨ ᠲᠤᠰᠬᠠᠢ ᠬᠡᠷᠡᠭᠯᠡᠭᠡᠨ ᠤ ᠲᠠᠷᠢᠮᠠᠯ ᠤᠨ ᠲᠥᠷᠥᠯ ᠵᠦᠢᠯ ᠪᠠ ᠲᠤᠰᠬᠠᠢ ᠬᠡᠷᠡᠭᠯᠡᠭᠡᠨ ᠤ ᠮᠠᠯ ᠤᠨ ᠡᠭᠦᠯᠳᠡᠷ ᠢ ᠳᠡᠯᠭᠡᠷᠡᠭᠦᠯᠦᠨ | ᠬᠡᠷᠡᠭᠯᠡᠬᠦ ᠳᠤ ᠨᠢ ᠳᠡᠮᠵᠢᠯᠭᠡ ᠦᠵᠡᠭᠦᠯᠵᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ | ᠃ ᠲᠦᠭᠦᠬᠡᠢ ᠡᠳ᠋ ᠤᠨ ᠭᠠᠷᠤᠯᠲᠠ ᠶᠢᠨ ᠣᠷᠣᠨ᠂ ᠠᠵᠤ ᠠᠬᠤᠶᠢᠯᠠᠯ ᠤᠨ ᠭᠤᠣᠯ ᠴᠣᠭᠴᠠ ᠪᠠ ᠬᠡᠷᠡᠭᠯᠡᠭᠡ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ | ᠵᠣᠯᠭᠠᠯᠳᠤᠭᠤᠯᠬᠤ ᠶᠢ ᠨᠢ ᠠᠬᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠤᠳ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠦᠪᠡᠰᠦᠪᠡᠨ ᠪᠠᠶᠢᠭᠤᠯᠬᠤ ᠶᠢ ᠨᠢ ᠵᠣᠷᠢᠭᠵᠢᠭᠤᠯᠤᠨ᠂ ᠵᠠᠬᠢᠶᠠᠯᠠᠭ᠎ᠠ ᠶᠢᠨ | ᠬᠠᠭᠤᠳᠠᠰᠤ ᠪᠠᠷ ᠦᠢᠯᠡᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠴᠢᠨ | ᠮᠠᠯᠴᠢᠨ ᠵᠡᠷᠭᠡ ᠯᠦᠭᠡ ᠲᠣᠭᠲᠠᠪᠤᠷᠢᠲᠠᠢ ᠬᠠᠮᠵᠢᠯᠴᠠᠬᠤ ᠬᠠᠷᠢᠴᠠᠭ᠎ᠠ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ︵ᠭᠤᠷᠪᠠ︶ ᠨᠡᠷᠡᠲᠦ ᠲᠡᠮᠳᠡᠭ ᠢ ᠪᠤᠶᠢᠵᠢᠭᠤᠯᠬᠤ ᠪᠠ ᠡᠵᠡᠩᠨᠡᠨ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ | 1. ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠪᠠᠨ ᠴᠢᠩᠭᠠᠷᠠᠭᠤᠯᠤᠨ᠎ᠠ᠃ ᠮᠠᠨ ᠤ ᠣᠷᠣᠨ ᠤ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠢᠳᠡᠭᠡᠨ ᠤ ᠵᠦᠢᠯ ᠤᠨ ᠲᠣᠮᠣ ᠬᠡᠯᠪᠡᠷᠢ ᠶᠢᠨ ᠬᠡᠯᠬᠢᠶᠡᠵᠢᠭᠰᠡᠨ ᠨᠡᠷᠡᠲᠦ ᠲᠡᠮᠳᠡᠭ ᠪᠦᠬᠦᠢ ᠬᠡᠲᠦ ᠳᠡᠯᠭᠡᠭᠦᠷ ᠲᠤ ᠣᠷᠣᠭᠤᠯᠬᠤ ᠶᠢ ᠠᠬᠢᠭᠤᠯᠵᠤ᠂ ᠰᠦᠯᠵᠢᠶ᠎ᠡ ᠪᠠᠷ ᠪᠠ | ᠰᠦᠯᠵᠢᠶᠡᠨ ᠠᠴᠠ ᠭᠠᠳᠠᠭᠤᠷᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠪᠥᠭᠡᠮ ᠢᠶᠠᠷ | ᠪᠣᠷᠣᠯᠠᠭᠤᠯᠬᠤ ᠵᠠᠬ᠎ᠠ ᠳᠡᠯᠭᠡᠭᠦᠷ ᠪᠠ ᠭᠤᠣᠯ ᠪᠣᠯᠬᠤ ᠵᠠᠮ ᠬᠠᠷᠢᠯᠴᠠᠭᠠᠨ ᠤ ᠬᠦᠢᠰᠦ ᠵᠠᠩᠭᠢᠯᠠᠭ᠎ᠠ ᠳᠤ ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠪᠦᠲᠦᠭᠡᠨ | ᠪᠠᠶᠢᠭᠤᠯᠤᠨ᠎ᠠ᠃ ᠪᠠᠷᠠᠭ᠎ᠠ ᠶᠠᠪᠤᠭᠤᠯᠬᠤ ᠲᠥᠪᠯᠡᠷᠡᠩᠭᠦᠢ ᠰᠠᠩ ᠬᠥᠮᠥᠷᠭᠡ᠂ ᠤᠷᠢᠳᠠᠴᠢ ᠶᠡᠷᠦᠩᠬᠡᠶᠢᠯᠡᠭᠰᠡᠨ ᠰᠠᠩ ᠬᠥᠮᠥᠷᠭᠡ ᠪᠠᠶᠢᠭᠤᠯᠬᠤ ᠶᠢ ᠳᠠᠮᠵᠢᠵᠤ᠂ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠳ ᠢ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ | ᠪᠣᠯᠬᠤ ᠬᠡᠷᠡᠭᠯᠡᠭᠡ ᠶᠢᠨ ᠭᠠᠵᠠᠷ ᠣᠷᠣᠨ ᠳᠤ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠶᠢ ᠠᠬᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠲᠠᠪᠴᠠᠩ ᠢ ᠰᠠᠶᠢᠲᠤᠷ ᠬᠡᠷᠡᠭᠯᠡᠵᠦ᠂ ᠲᠤᠰᠬᠠᠢ ᠮᠡᠷᠭᠡᠵᠢᠯ ᠤᠨ ᠴᠢᠨᠠᠷᠲᠠᠢ ᠦᠵᠡᠰᠭᠦᠯᠡᠩ᠂ ᠦᠵᠡᠰᠭᠦᠯᠡᠩ ᠤᠨ ᠴᠤᠭᠯᠠᠭᠠᠨ᠂ ᠠᠷᠠᠯᠵᠢᠶ᠎ᠠ ᠴᠤᠭᠯᠠᠭᠠᠨ᠂ ᠰᠢᠯᠭᠠᠨ | ᠲᠣᠭᠲᠠᠭᠠᠬᠤ ᠴᠤᠭᠯᠠᠭᠠᠨ᠂ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ ᠤᠷᠤᠯᠳᠤᠭᠠᠨ ᠵᠡᠷᠭᠡ ᠪᠠᠷ ᠳᠠᠮᠵᠢᠭᠤᠯᠤᠨ᠂ ᠮᠠᠨ ᠤ ᠣᠷᠣᠨ ᠤ ᠣᠨᠴᠠᠯᠢᠭᠲᠤ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠦᠢᠯᠡ | ᠠᠵᠢᠯᠯᠠᠭ᠎ᠠ ᠪᠠ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠢ ᠰᠤᠳᠤᠯᠵᠤ᠂ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠵᠢᠷᠤᠵᠤ | ᠲᠥᠯᠥᠪᠯᠡᠬᠦ ᠪᠠᠨ ᠴᠢᠩᠭᠠᠳᠬᠠᠨ᠂ ᠥᠷᠢᠰᠦᠯᠳᠦᠨ ᠮᠥᠷᠦ᠋ᠢᠴᠡᠬᠦ ᠵᠠᠮ ᠴᠢᠭᠯᠡᠯ ᠢᠶᠠᠨ ᠨᠠᠷᠢᠨ ᠬᠤᠪᠢᠶᠠᠵᠤ᠂ ᠵᠢᠵᠢᠭ ᠭᠠᠷᠳᠠᠴᠠ ᠶᠢ ᠣᠨᠣᠴᠠᠲᠠᠢ ᠣᠯᠵᠤ᠂ ᠨᠢᠭᠡ | ᠪᠦᠯᠦᠭ ︽ᠥᠷᠨᠢᠯ ᠬᠦᠷᠢᠶᠡᠯᠡᠯ ᠲᠠᠢ ᠲᠠᠸᠠᠷ︾᠂ ︽ᠬᠠᠯᠠᠮᠰᠢᠯ ᠶᠡᠬᠡᠲᠡᠢ ᠪᠦᠲᠦᠭᠡᠭᠳᠡᠬᠦᠨ︾᠂ ︽ᠠᠩᠬᠠᠷᠤᠯ ᠢ ᠲᠠᠲᠠᠭᠰᠠᠨ ᠴᠡᠭ︾ ᠢ ᠪᠣᠢ ᠪᠣᠯᠭᠠᠨ᠎ᠠ᠃ ᠠᠵᠤ | ᠠᠬᠤᠶᠢᠯᠠᠯ ᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠲᠤ ᠠᠯᠠᠰᠢᠨ ᠦᠬᠡᠷ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ᠂ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠢ ᠲᠦᠷᠢᠶᠡᠰᠦᠯᠡᠬᠦ ᠪᠤᠶᠤ ᠪᠠᠶᠢᠭᠤᠯᠬᠤ ᠪᠠᠷ ᠳᠠᠮᠵᠢᠭᠤᠯᠤᠨ᠂ ᠰᠣᠷᠭᠤᠭ ᠮᠢᠬᠠᠨ ᠤ ᠵᠠᠬ᠎ᠠ ᠳᠡᠯᠭᠡᠭᠦᠷ ᠤᠨ ᠡᠵᠡᠯᠡᠬᠦ | ᠨᠣᠷᠮ᠎ᠠ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | 2. ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠶᠡᠬᠡᠰᠬᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠰᠣᠳᠣᠨ ᠪᠦᠲᠦᠭᠡᠭᠳᠡᠬᠦᠨ ᠢ | ᠪᠤᠶᠢᠵᠢᠭᠤᠯᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠢ | ᠰᠢᠯᠢᠳᠡᠭᠵᠢᠭᠦᠯᠦᠨ ᠬᠦᠴᠦᠷᠬᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ︽ᠠᠮᠢ ᠠᠬᠤᠢ ᠶᠢᠨ ᠥᠪᠥᠷ ᠮᠣᠩᠭᠤᠯ ᠪᠣᠬᠢᠷᠲᠤᠯ | ᠦᠭᠡᠢ ᠰᠠᠶᠢᠬᠠᠨ ᠦᠨᠦᠷ ᠠᠮᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠰᠦᠷᠲᠦ ᠵᠠᠭᠤᠴᠢᠯᠠᠭᠤᠷ ᠪᠠ ᠲᠠᠷᠢᠶᠠᠯᠠᠩ ᠤᠨ ᠪᠦᠲᠦᠭᠡᠭᠳᠡᠬᠦᠨ ᠤ | ᠳᠡᠯᠭᠡᠷᠡᠭᠦᠯᠦᠨ ᠲᠠᠨᠢᠯᠴᠠᠭᠤᠯᠤᠭᠴᠢ ᠶᠢᠨ ᠡᠩᠨᠡᠭᠡ ᠳᠤ ᠲᠦᠰᠢᠭᠯᠡᠨ᠂ ᠨᠠᠷᠠᠲᠤ ᠲᠡᠮᠳᠡᠭ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠠᠵᠤ | ᠠᠬᠤᠶᠢᠯᠠᠯ ᠤᠨ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯ ᠢ ᠢᠳᠡᠪᠬᠢᠲᠡᠢ ᠥᠷᠨᠢᠭᠦᠯᠬᠦ ᠶᠢ ᠨᠢ ᠳᠡᠮᠵᠢᠵᠦ᠂ ᠠᠵᠤ ᠠᠬᠤᠶᠢᠯᠠᠯ ᠤᠨ ᠪᠣᠬᠢᠷᠲᠤᠯ | ᠦᠭᠡᠢ᠂ ᠣᠷᠭᠠᠨᠢᠭ ᠭᠡᠷᠡᠴᠢᠯᠡᠯ ᠭᠤᠶᠤᠴᠢᠯᠠᠬᠤ ᠶᠢ ᠨᠢ ᠳᠡᠮᠵᠢᠨ᠎ᠡ᠃ ᠪᠢᠰᠢᠯᠠᠭ᠂ ᠱᠣᠣᠮᠠᠢ᠂ ᠦᠬᠡᠷ ᠤᠨ ᠪᠣᠷᠴᠠ᠂ ᠦᠬᠡᠷ ᠬᠤᠨᠢᠨ ᠤ ᠬᠤᠯᠢᠴᠠ᠂ ᠲᠥᠮᠥᠰᠥᠨ | ᠬᠡᠷᠴᠢᠮ ᠲᠥᠮᠥᠰᠥᠨ ᠵᠦᠰᠦᠮ᠂ ᠲᠥᠪᠡᠳ ᠬᠠᠰᠢ ᠶᠢᠨ ᠰᠢᠭᠦᠰᠦ ᠵᠡᠷᠭᠡ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠲᠠᠯ᠎ᠠ ᠪᠠᠷ ᠥᠷᠨᠢᠯ ᠬᠦᠷᠢᠶᠡᠯᠡᠯ ᠲᠠᠢ | ᠲᠠᠸᠠᠷ ᠢ ᠪᠣᠢ ᠪᠣᠯᠭᠠᠵᠤ᠂ ᠰᠣᠩᠭᠤᠳᠠᠭ ︽ᠭᠠᠷ ᠪᠡᠯᠡᠭ︾ ᠤᠨ ᠪᠦᠲᠦᠭᠡᠭᠳᠡᠬᠦᠨ ᠡᠭᠦᠳᠦᠨ ᠵᠣᠬᠢᠶᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠲᠠᠢ | ᠢᠳᠡᠭᠡᠨ ᠤ ᠵᠦᠢᠯ ᠢ ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ᠂ ᠲᠦᠷᠭᠡᠨ ᠤ ᠲᠡᠮᠦᠷ ᠵᠠᠮ᠂ ᠨᠢᠰᠬᠡᠯ ᠤᠨ ᠪᠠᠭᠤᠳᠠᠯ ᠳᠤ ᠣᠷᠣᠭᠤᠯᠬᠤ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | 3. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ ᠰᠠᠯᠠᠭ᠎ᠠ ᠮᠥᠴᠢᠷ ᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠷᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠵᠣᠯᠭᠠᠭᠤᠯᠵᠤ᠂ ᠬᠦᠴᠦᠨ ᠴᠢᠳᠠᠯ ᠢᠶᠠᠨ ᠡᠮᠬᠢᠯᠡᠨ ᠨᠡᠶᠢᠯᠡᠭᠦᠯᠵᠦ ᠪᠠᠶᠢᠭᠠᠳ ᠰᠠᠶᠢᠲᠤᠷ ᠦᠢᠯᠡᠴᠢᠯᠡᠬᠦ | ᠬᠡᠷᠡᠭᠲᠡᠢ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠭᠠᠳᠠᠭᠠᠳᠤ ᠳᠤ ᠭᠠᠷᠭᠠᠬᠤ ᠭᠠᠷᠳᠠᠮ ᠢ ᠲᠦᠷᠭᠡᠳᠬᠡᠨ ᠭᠦᠢᠴᠡᠳᠬᠡᠵᠦ᠂ ᠭᠡᠷᠡᠴᠢ | ᠦᠨᠡᠮᠯᠡᠯ ᠭᠦᠢᠴᠡᠳᠬᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠲᠦᠷᠭᠡᠬᠡᠨ ᠪᠦᠷᠢᠯᠳᠦᠭᠦᠯᠬᠦ ᠶᠢᠨ ᠬᠠᠮᠲᠤ ᠭᠠᠳᠠᠭᠠᠳᠤ ᠳᠤ | ᠭᠠᠷᠭᠠᠬᠤ ᠬᠡᠪᠴᠢᠶᠡᠵᠢᠯ ᠢ ᠨᠢ ᠥᠷᠭᠡᠳᠬᠡᠨ᠎ᠡ᠃ ᠣᠯᠠᠨ ᠤᠯᠤᠰ ᠤᠨ ᠴᠢᠨᠠᠷᠲᠠᠢ ᠳᠡᠯᠭᠡᠨ ᠪᠣᠷᠣᠯᠠᠭᠤᠯᠬᠤ ᠴᠤᠭᠯᠠᠭᠠᠨ᠂ ᠦᠵᠡᠰᠬᠦᠯᠡᠩ ᠵᠡᠷᠭᠡ ᠶᠢ ᠠᠰᠢᠭᠯᠠᠨ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ | ᠠᠷᠠᠯᠵᠢᠶᠠᠨ ᠤ ᠡᠬᠢ ᠪᠠᠶᠠᠯᠢᠭ ᠲᠠᠢ ᠵᠣᠯᠭᠠᠭᠤᠯᠵᠤ᠂ ᠠᠵᠤ ᠠᠬᠤᠶᠢᠯᠠᠯ ᠤᠳ ᠤᠨ ᠬᠠᠷᠢᠴᠠᠭᠠᠨ ᠤ ᠡᠷᠦᠭᠡ ᠲᠠᠢ ᠶᠠᠷᠢᠯᠴᠠᠵᠤ ᠨᠡᠪᠲᠡᠷᠡᠯᠴᠡᠬᠦ᠂ ᠵᠠᠬᠢᠶᠠᠯᠠᠭ᠎ᠠ ᠶᠢᠨ | ᠬᠠᠭᠤᠳᠠᠰᠤ ᠶᠢ ᠰᠢᠢᠳᠪᠦᠷᠢᠯᠡᠵᠦ ᠠᠳᠬᠤᠬᠤ᠂ ᠵᠠᠬ᠎ᠠ ᠳᠡᠯᠭᠡᠭᠦᠷ ᠢᠶᠠᠨ ᠥᠷᠭᠡᠵᠢᠭᠦᠯᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠯᠵᠢᠶ᠎ᠠ ᠠᠬᠢᠭᠤᠯᠬᠤ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ︶ | ︵ᠳᠥᠷᠪᠡ︶ ᠢᠳᠡᠭᠡᠨ ᠤ ᠠᠮᠤᠷ ᠲᠦᠪᠰᠢᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | 1. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠪᠠᠷᠢᠮᠵᠢᠶᠠᠵᠢᠭᠤᠯᠬᠤ ᠬᠢᠷᠢ ᠲᠦᠪᠰᠢᠨ ᠢᠶᠠᠨ | ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ᠂ ᠡᠳ᠋ᠰᠢᠭᠦᠯᠦᠨ ᠪᠣᠯᠪᠠᠰᠤᠷᠠᠭᠤᠯᠬᠤ ᠲᠦᠭᠦᠬᠡᠢ ᠡᠳ᠋᠂ ᠮᠡᠷᠭᠡᠵᠢᠯ ᠤᠨ ᠲᠣᠨᠤᠭ | ᠲᠥᠬᠦᠭᠡᠷᠦᠮᠵᠢ᠂ ᠠᠵᠢᠯᠯᠠᠬᠤ ᠳᠦᠷᠢᠮᠯᠡᠯ᠂ ᠪᠦᠲᠦᠭᠡᠭᠳᠡᠬᠦᠨ ᠤ ᠭᠦᠢᠯᠭᠡᠭᠡ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠳ ᠤᠨ ᠤᠯᠤᠰ᠂ ᠠᠵᠢᠯ ᠲᠥᠷᠥᠯ᠂ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠳᠤ ᠢᠳᠡᠪᠬᠢᠲᠡᠢ ᠣᠷᠣᠯᠴᠠᠬᠤ ᠶᠢ ᠨᠢ ᠵᠣᠷᠢᠭᠵᠢᠭᠤᠯᠤᠨ᠎ᠠ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶ᠎ᠠ ᠶᠣᠰᠣᠭᠠᠷ ᠦᠢᠯᠡᠳᠪᠦᠷᠢᠯᠡᠭᠦᠯᠵᠦ᠂ | ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ ᠤᠨ ᠪᠠᠷᠢᠮᠵᠢᠶᠠᠵᠢᠯᠲᠠ᠂ ᠲᠣᠨᠤᠭ ᠲᠥᠬᠦᠭᠡᠷᠦᠮᠵᠢ ᠶᠢᠨ ᠣᠶᠤᠨᠴᠢᠯᠠᠯᠲᠠ᠂ ᠶᠠᠪᠤᠴᠠ ᠶᠢᠨ ᠪᠣᠬᠢᠷᠲᠤᠯ ᠦᠬᠡᠶᠢᠵᠢᠯᠲᠡ᠂ | ᠪᠦᠲᠦᠭᠡᠭᠳᠡᠬᠦᠨ ᠤ ᠰᠢᠮ᠎ᠡ ᠲᠡᠵᠢᠭᠡᠯᠵᠢᠯᠲᠡ ᠶᠢ ᠠᠬᠢᠭᠤᠯᠤᠨ᠎ᠠ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠠᠵᠤ ᠠᠬᠤᠶᠢᠯᠠᠯ ᠤᠨ | ᠪᠠᠷᠢᠮᠵᠢᠶ᠎ᠠ ᠶᠢᠨ ᠲᠤᠬᠠᠢ ᠥᠪᠡᠷ ᠤᠨ ᠢᠯᠡᠷᠬᠡᠶᠢᠯᠡᠯᠲᠡ ᠪᠠᠨ ᠢᠯᠡ ᠪᠤᠯᠭᠠᠬᠤ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠭᠤᠳ ︽ᠠᠵᠤ | ᠠᠬᠤᠶᠢᠯᠠᠯ ᠤᠨ ᠪᠠᠷᠢᠮᠵᠢᠶᠠᠨ ᠤ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠳᠤ ᠭᠠᠷᠴᠤ ᠥᠪᠡᠷ ᠤᠨ ᠢᠯᠡᠷᠬᠡᠶᠢᠯᠡᠯᠲᠡ ᠪᠠᠨ | ᠢᠯᠡ ᠪᠠᠷ ᠠᠮᠠᠯᠠᠯᠲᠠ ᠬᠢᠬᠦ ᠶᠢ ᠵᠣᠷᠢᠭᠵᠢᠭᠤᠯᠵᠤ᠂ ᠢᠳᠡᠭᠡᠨ ᠤ ᠵᠦᠢᠯ ᠤᠨ ᠪᠠᠷᠢᠮᠵᠢᠶᠠᠨ ᠤ ᠠᠵᠢᠯ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︶ | 2. ᠪᠥᠬᠦ ᠬᠡᠯᠬᠢᠶᠡᠨ ᠤ ᠠᠮᠤᠷ ᠲᠦᠪᠰᠢᠨ ᠤ ᠲᠠᠯ᠎ᠠ ᠳᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠠᠷᠢᠮᠵᠢᠶ᠎ᠠ ᠳᠤ ᠭᠦᠷᠦᠭᠰᠡᠨ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠪᠠ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ | ᠳᠦᠷᠢᠮ ᠢ ᠪᠠᠶᠢᠭᠤᠯᠵᠤ᠂ ᠦᠢᠯᠡᠳᠪᠦᠷᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠵᠤ ᠪᠣᠯᠬᠤ᠂ ᠪᠦᠲᠦᠭᠡᠭᠳᠡᠬᠦᠨ ᠤ ᠭᠦᠢᠯᠭᠡᠭᠡᠨ ᠤ ᠬᠠᠨᠳᠤᠰᠢ ᠶᠢ ᠮᠥᠷᠳᠡᠵᠦ ᠪᠣᠯᠬᠤ᠂ | ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠶᠢ ᠪᠡᠶᠡᠯᠡᠭᠦᠯᠦᠨ᠎ᠡ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠦᠢᠯᠡᠳᠪᠦᠷᠢ ᠠᠴᠠ ᠭᠠᠷᠬᠤ ᠪᠦᠲᠦᠭᠡᠭᠳᠡᠬᠦᠨ ᠤ ᠬᠢᠷᠢ ᠲᠡᠩᠴᠡᠬᠦ ᠶᠢ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠢᠳᠡᠭᠡᠨ ᠤ ᠵᠦᠢᠯ ᠤᠨ ᠠᠮᠤᠷ | ᠲᠦᠪᠰᠢᠨ ᠤ ᠬᠠᠮᠢᠶᠠᠷᠤᠯᠲᠠ᠂ ᠬᠤᠣᠷ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠡᠵᠡᠮᠳᠡᠯ ᠤᠨ ᠴᠡᠭ ︵HACCP︶ ᠵᠡᠷᠭᠡ ᠲᠣᠭᠲᠠᠯᠴᠠᠭ᠎ᠠ ᠶᠢᠨ | ᠭᠡᠷᠡᠴᠢᠯᠡᠯ ᠢ ᠥᠷᠨᠢᠭᠦᠯᠦᠨ᠎ᠡ᠃ ᠢᠳᠡᠭᠡᠨ ᠤ ᠵᠦᠢᠯ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠲᠠᠯ᠎ᠠ ᠪᠠᠷ ᠬᠢ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠦᠨ᠂ ᠪᠦᠲᠦᠭᠡᠭᠳᠡᠬᠦᠨ ᠤ ᠶᠠᠰᠤ ᠴᠢᠨᠠᠷ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠮᠡᠳᠡᠭᠡ ᠵᠠᠩᠭᠢ ᠨᠡᠶᠢᠲᠡᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ︵ᠲᠠᠪᠤ︶ ᠮᠥᠩᠭᠦᠨ ᠭᠦᠢᠯᠭᠡᠭᠡ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠᠨ ᠰᠢᠯᠢᠳᠡᠭᠵᠢᠭᠦᠯᠦᠨ᠎ᠡ | 1. ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠳᠠᠬᠢ ᠳᠡᠮᠵᠢᠯᠭᠡ ᠪᠠᠨ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠲᠦᠭᠰᠢᠭᠦᠷᠢ ᠶᠢ ᠡᠵᠡᠮᠳᠡᠵᠦ ᠪᠣᠯᠬᠤ ᠨᠥᠬᠦᠴᠡᠯ ᠳᠣᠣᠷ᠎ᠠ᠂ ᠮᠥᠩᠭᠦᠨ ᠭᠦᠢᠯᠭᠡᠭᠡᠨ ᠤ ᠨᠡᠷᠡᠳᠬᠦᠨ ᠳᠤ ᠪᠠᠨ ᠰᠢᠨ᠎ᠡ ᠶᠢ ᠡᠭᠦᠳᠴᠦ᠂ ᠵᠢᠭᠡᠯᠡᠯᠭᠡ ᠶᠢᠨ | ᠬᠤᠭᠤᠴᠠᠭ᠎ᠠ ᠬᠢᠵᠠᠭᠠᠷ ᠢᠶᠠᠨ ᠤᠷᠲᠤᠳᠬᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠤᠯᠠᠷᠢᠯ ᠤᠨ ᠴᠢᠨᠠᠷᠲᠠᠢ᠂ ᠲᠥᠪᠯᠡᠷᠡᠩᠭᠦᠢ ᠴᠢᠨᠠᠷᠲᠠᠢ ᠪᠠᠷ | ᠲᠦᠭᠦᠬᠡᠢ ᠡᠳ᠋ ᠬᠤᠳᠠᠯᠳᠤᠨ ᠠᠪᠬᠤ ᠶᠢ ᠳᠡᠮᠵᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠲᠤᠰᠠᠯᠠᠬᠤ | ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ᠂ ᠰᠠᠩ ᠬᠥᠮᠥᠷᠭᠡ ᠶᠢᠨ ᠬᠠᠭᠤᠳᠠᠰᠤ᠂ | ᠠᠪᠴᠠᠭᠠᠨ ᠤ ᠵᠣᠭᠤᠰ᠂ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠦᠷᠨᠢᠭᠦᠯᠦᠬᠦᠯᠦᠨᠡ᠃ | ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠴᠢᠳᠠᠮᠵᠢ ᠶᠢ | ᠴᠢᠩᠭᠠᠷᠠᠭᠤᠯᠵᠤ᠂ ᠣᠨ ᠤ ᠳᠠᠭᠠᠭᠠᠯᠲᠠ ᠬᠢᠭᠰᠡᠨ ᠵᠠᠷᠤᠳᠠᠯ ᠤᠨ ᠨᠣᠷᠮ᠎ᠠ ᠶᠢ 0.6% ᠠᠴᠠ ᠥᠨᠳᠥᠷ ᠪᠠᠶᠢᠯᠭᠠᠬᠤ ᠦᠭᠡᠢ ᠪᠠ ᠳᠠᠭᠠᠭᠠᠯᠲᠠ ᠬᠢᠬᠦ ᠬᠡᠪᠴᠢᠶ᠎ᠡ ᠶᠢ | ᠶᠡᠬᠡᠰᠬᠡᠭᠰᠡᠨ ᠳᠠᠬᠢᠨ ᠲᠣᠭᠠᠨ ᠤ ᠬᠤᠣᠰ ᠰᠢᠯᠭᠠᠨ ᠬᠢᠨᠠᠬᠤ ᠭᠦᠢᠴᠡᠳᠬᠡᠯ ᠲᠣᠭᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠢᠯ ᠡᠷᠬᠢᠯᠡᠵᠦ ᠪᠠᠶᠢᠭ᠎ᠠ ᠵᠣᠬᠢᠮᠵᠢᠲᠠᠢ ᠬᠡᠪᠴᠢᠶᠡᠲᠦ ᠡᠵᠡᠩᠨᠡᠯᠲᠡ ᠶᠢᠨ ᠭᠤᠣᠯ ᠴᠣᠭᠴᠠ ᠳᠤ | ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠬᠠᠩᠭᠠᠨ᠎ᠠ᠃ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ︽ᠲᠢᠶᠠᠨ ᠵᠢᠶᠦ᠋ᠨ | ᠲᠥᠯᠥᠪᠯᠡᠭᠡ︾ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ | ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠨᠢ ᠪᠤᠶᠢᠵᠢᠭᠤᠯᠤᠨ ᠠᠬᠢᠭᠤᠯᠵᠤ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠬᠥᠭᠵᠢᠯᠲᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠰᠢᠭᠯᠠᠨ᠎ᠠ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ︶ | 2. ᠳᠠᠭᠠᠳᠬᠠᠯ ᠤᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠤᠨ | ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠷᠨᠢᠭᠦᠯᠦᠨ᠎ᠡ᠃ ᠣᠷᠣᠨ ᠨᠤᠲᠤᠭ ᠤᠨ ᠳᠠᠪᠠᠭᠤᠯᠢᠭ | ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠤᠨ ᠵᠠᠷᠤᠳᠠᠯ ᠳᠤ ᠨᠡᠮᠡᠭᠦᠷᠢ ᠥᠭᠬᠦ ᠪᠡᠯᠡ ᠮᠥᠩᠭᠦᠨ ᠤ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠥᠪᠡᠷᠲᠡᠭᠡᠨ ᠵᠠᠰᠠᠬᠤ ᠣᠷᠣᠨ ᠤ | ᠱᠠᠲᠤᠨ ᠤ ᠨᠢᠭᠡᠴᠢ ᠶᠢᠨ ᠬᠢᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ | ᠥᠷᠨᠢᠭᠦᠯᠬᠦ ᠶᠢ ᠵᠣᠷᠢᠭᠵᠢᠭᠤᠯᠵᠤ᠂ ᠡᠳ᠋ ᠤᠨ ᠵᠠᠰᠠᠭ ᠤᠨ ᠳᠠᠭᠠᠭᠠᠵᠤ ᠳᠡᠶᠢᠯᠬᠦ ᠴᠢᠳᠠᠪᠤᠷᠢ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ᠂ ᠲᠤᠷᠰᠢᠯᠲᠠ | ᠬᠢᠵᠦ ᠥᠷᠨᠢᠭᠦᠯᠦᠭᠰᠡᠨ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ | ᠲᠤᠯᠭᠠᠭᠤᠷᠢᠯᠠᠯ ᠤᠨ ᠦᠷ᠎ᠡ ᠪᠦᠲᠦᠮᠵᠢ ᠪᠠᠷ ᠨᠡᠯᠢᠶᠡᠳ ᠰᠠᠶᠢᠨ ᠪᠣᠯᠬᠤ ᠳᠠᠭᠠᠳᠬᠠᠯ ᠤᠨ ᠵᠦᠢᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠡᠮᠡᠭᠦᠷᠢ ᠶᠢᠨ ᠬᠡᠪᠴᠢᠶᠡᠨ ᠳᠤ ᠴᠠᠭ ᠲᠤ ᠨᠢ ᠲᠣᠬᠢᠷᠠᠭᠤᠯᠤᠨ ᠣᠷᠣᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠭᠤᠯᠬᠤ ᠦᠢᠯᠡᠰ ᠲᠤ ᠨᠡᠶᠢᠴᠡᠭᠰᠡᠨ ᠬᠤᠳᠠᠯᠳᠤᠭᠠᠨ ᠤ ᠳᠠᠭᠠᠳᠬᠠᠯ ᠤᠨ | ᠲᠦᠷᠦᠯ ᠵᠦᠢᠯ ᠢ ᠰᠦᠪᠡᠭᠴᠢᠯᠡᠨ ᠭᠠᠷᠭᠠᠭᠤᠯᠵᠤ᠂ ᠥᠪᠡᠷ ᠤᠨ ᠦᠷᠲᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠠᠷᠠᠭ᠎ᠠ ᠲᠡᠭᠡᠭᠡᠪᠦᠷᠢ ᠶᠢᠨ ᠳᠠᠭᠠᠳᠬᠠᠯ | ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠯ ᠨᠡᠷᠡᠳᠬᠦᠨ ᠳᠤ ᠰᠢᠨ᠎ᠡ ᠡᠭᠦᠳᠦᠯᠲᠡ ᠭᠠᠷᠭᠠᠨ ᠳᠡᠯᠭᠡᠷᠡᠭᠦᠯᠵᠦ᠂ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠲᠦᠭᠰᠢᠭᠦᠷᠢ ᠶᠢᠨ ᠪᠠᠲᠤᠯᠠᠭ᠎ᠠ ᠬᠠᠩᠭᠠᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ | ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | 3. ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠎ᠡ᠃ ᠬᠥᠳᠡᠭᠡ ᠳᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠵᠡᠷᠭᠡ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ | ᠨᠢᠭᠡᠳᠦᠯᠲᠡᠢ ᠲᠥᠯᠥᠪᠯᠡᠨ ᠬᠡᠷᠡᠭᠯᠡᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠥᠭᠵᠢᠨ | ᠪᠤᠵᠠᠭᠠᠶᠢᠷᠠᠬᠤ ᠶᠢ ᠲᠡᠮᠵᠢᠨ᠎ᠡ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠤᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠳᠠᠯᠳᠤᠨ ᠣᠷᠤᠭᠤᠯᠬᠤ ᠳᠤ ᠲᠣᠭᠲᠠᠭᠠᠯ ᠶᠣᠰᠣᠭᠠᠷ ᠦᠷᠲᠡᠭ ᠨᠡᠮᠡᠭᠳᠡᠯ ᠤᠨ | ᠭᠠᠶᠢᠯᠢ ᠶᠢᠨ ᠣᠷᠤᠭᠤᠯᠤᠯᠲᠠ ᠶᠢᠨ ᠭᠠᠶᠢᠯᠢ ᠶᠢ ᠲᠤᠯᠭᠠᠨ ᠰᠠᠭᠤᠯᠭᠠᠵᠤ ᠪᠣᠯᠣᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠪᠣᠯ ᠭᠠᠶᠢᠯᠢ | ᠲᠤᠰᠢᠶᠠᠬᠤ ᠶᠣᠰᠣᠲᠠᠢ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠲᠣᠭᠠᠴᠠᠭ᠎ᠠ ᠬᠢᠨ᠎ᠡ᠃ ᠦᠨᠡᠨ ᠬᠦ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠬᠤᠢ | ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠠᠴᠠ ᠬᠠᠤᠯᠢ | ᠶᠣᠰᠣᠭᠠᠷ ᠬᠠᠰᠤᠵᠤ ᠬᠡᠯᠲᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ | ᠣᠷᠣᠨ ᠤ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠳᠥᠷᠪᠡ᠂ ᠠᠵᠢᠯ ᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠤᠰᠬᠠᠢ ᠰᠡᠳᠦᠪ ᠢᠶᠠᠷ ᠰᠤᠳᠤᠯᠤᠨ | ᠪᠠᠶᠢᠷᠢᠯᠠᠭᠤᠯᠵᠤ᠂ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ | ᠬᠥᠭᠵᠢᠭᠦᠯᠬᠦ ᠲᠦᠷᠦᠯ ᠢᠯᠭᠠᠯ ᠪᠠ ᠪᠦᠲᠦᠭᠡᠭᠳᠡᠬᠦᠨ ᠢᠶᠠᠨ ᠲᠣᠳᠣᠷᠬᠠᠢ ᠪᠤᠯᠭᠠᠬᠤ ᠶᠢᠨ ᠬᠠᠮᠲᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠪᠠ ᠦᠨᠡᠮᠯᠡᠯ ᠭᠦᠢᠴᠡᠳᠬᠡᠬᠦ ᠦᠢᠯᠡᠴᠢᠯᠡᠭᠡ ᠪᠠᠨ ᠴᠢᠩᠭᠠᠷᠠᠭᠤᠯᠵᠤ᠂ ᠭᠦᠢᠴᠡᠳᠬᠡᠬᠦ | ᠴᠠᠭ ᠬᠤᠭᠤᠴᠠᠭ᠎ᠠ ᠶᠢ ᠨᠢ ᠪᠣᠭᠤᠨᠢᠰᠬᠠᠨ᠎ᠠ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠣᠳᠣᠬᠢ ᠲᠦᠷᠦ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢᠶᠠᠨ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠪᠠᠨ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ 12345 ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ | ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠂ ᠬᠥᠭᠵᠢᠯᠲᠡ ᠶᠢᠨ ᠢᠲᠡᠭᠡᠯ ᠵᠣᠷᠢᠭ ᠪᠠ ᠥᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠷᠢᠯᠢᠭ ᠣᠨᠣᠴᠠᠲᠠᠢ ᠪᠠᠷ ᠵᠢᠯᠤᠭᠤᠳᠬᠤ᠂ ᠨᠢᠭᠡᠳᠦᠯᠲᠡᠢ ᠲᠥᠯᠥᠪᠯᠡᠨ | ᠲᠣᠬᠢᠷᠠᠭᠤᠯᠬᠤ᠂ ᠮᠥᠷᠳᠡᠵᠦ ᠦᠷ᠎ᠡ ᠪᠦᠲᠦᠮᠵᠢ ᠶᠢ ᠨᠢ ᠲᠤᠯᠭᠠᠨ ᠠᠰᠠᠭᠤᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠨ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠭᠰᠠᠨ ᠪᠠᠶᠢᠳᠠᠯ ᠳᠤ ᠣᠨ ᠤ | ᠦᠨᠡᠯᠡᠯᠲᠡ ᠬᠢᠵᠦ᠂ ᠦᠨᠳᠦᠰᠦᠨ ᠱᠠᠲᠤᠨ ᠤ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠦᠵᠡᠯ ᠤᠬᠠᠮᠰᠠᠷ ᠢ ᠪᠣᠢ ᠪᠣᠯᠭᠠᠭᠰᠠᠨ᠂ | ᠪᠣᠳᠠᠲᠠᠢ ᠲᠠᠢ ᠪᠠᠨ ᠤᠶᠠᠯᠳᠤᠭᠤᠯᠤᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ᠂ ᠡᠳ᠋ᠰᠢᠭᠦᠯᠦᠨ ᠪᠤᠯᠪᠠᠰᠤᠷᠠᠭᠤᠯᠵᠦ ᠡᠵᠡᠩᠨᠡᠨ ᠪᠣᠷᠣᠯᠠᠭᠤᠯᠬᠤ ᠶᠢ ᠠᠬᠢᠭᠤᠯᠵᠤ ᠦᠷ᠎ᠡ | ᠪᠦᠲᠦᠮᠵᠢ ᠭᠠᠷᠭᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠦᠨᠡᠯᠡᠬᠦ ᠶᠢᠨ ᠬᠠᠮᠲᠤ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠪᠠᠨ ᠴᠢᠩᠭᠠᠷᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠦᠷᠦᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠳᠤ ᠪᠠᠨ ᠦᠨᠡᠯᠡᠯᠲᠡ ᠬᠢᠭᠡᠳ ᠤᠷᠢᠳᠠᠭᠤᠷ | ᠪᠠᠶᠢᠷᠢᠯᠠᠵᠤ ᠪᠠᠶᠢᠭ᠎ᠠ ᠭᠠᠵᠠᠷ ᠣᠷᠣᠨ ᠲᠡᠶᠢᠰᠢ ᠬᠡᠯᠪᠠᠶᠢᠯᠭᠡᠨ᠎ᠡ᠃ | ᠳᠠᠭᠠᠯᠳᠤᠭᠤᠯᠤᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠨᠲᠡ ᠬᠡᠷᠡᠭᠵᠢᠭᠦᠯᠦᠭᠰᠡᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ | ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠨᠢᠭᠡ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠳᠡᠮᠵᠢᠬᠦ ᠲᠦᠷᠦ ᠶᠢᠨ ᠪᠣᠳᠣᠯᠭ᠎ᠠ | 1. ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ᠎ᠡ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠥᠷᠥᠯ | ᠵᠦᠢᠯ ᠳᠤ ᠲᠦᠰᠢᠭᠯᠡᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠤᠨ ᠰᠢᠶᠠᠨ ᠤ | ᠬᠡᠪᠴᠢᠶᠡᠨ ᠳᠤ ᠭᠦᠨᠵᠡᠭᠡᠶᠢᠷᠡᠬᠦ ᠶᠢ ᠳᠡᠮᠵᠢᠵᠦ᠂ ᠭᠤᠣᠯ ᠭᠠᠷᠤᠯᠲᠠ ᠶᠢᠨ ᠣᠷᠣᠨ ᠳᠤ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠶᠢᠨ ᠦᠢᠯᠡᠳᠪᠦᠷᠢᠯᠡᠬᠦ ᠴᠢᠳᠠᠮᠵᠢ ᠶᠢ | ᠪᠠᠶᠢᠷᠢᠰᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ︵ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠳᠡᠮᠵᠢᠬᠦ ᠲᠥᠷᠥ ᠶᠢᠨ ᠪᠣᠳᠣᠯᠭ᠎ᠠ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ ᠬᠤᠶᠠᠷ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ | 2. ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶ᠎ᠡ ᠴᠠᠷᠠᠭᠠᠨ ᠳᠤ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠡᠭᠦᠳᠦᠨ ᠪᠠᠶᠢᠭᠤᠯᠬᠤ ᠶᠢ | ᠳᠠᠮᠵᠢᠨ᠎ᠠ᠃ ᠰᠢᠨ᠎ᠡ ᠪᠠᠷ ᠤᠯᠤᠰ ᠤᠨ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠦᠢᠯᠡᠳᠪᠦᠷᠢ᠂ ᠪᠣᠬᠢᠷᠳᠤᠯ ᠦᠭᠡᠢ | ᠬᠠᠩᠭᠠᠯᠭ᠎ᠠ ᠶᠢᠨ ᠬᠡᠯᠬᠢᠶ᠎ᠡ ᠪᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ᠂ | ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠦᠢᠯᠡᠳᠪᠦᠷᠢ᠂ ᠪᠣᠬᠢᠷᠳᠤᠯ ᠦᠭᠡᠢ | ᠬᠠᠩᠭᠠᠯᠭ᠎ᠠ ᠶᠢᠨ ᠬᠡᠯᠬᠢᠶ᠎ᠡ ᠪᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ︵ | ᠥᠪᠥᠷ ᠵᠠᠰᠠᠭ ᠲᠠᠷᠬᠠᠭᠠᠭᠰᠠᠨ ︹2024︺ 6 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠬᠠᠷᠢᠭᠤᠴᠠᠨ᠎ᠠ︶ | ᠭᠤᠷᠪᠠ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠲᠦᠷᠦ ᠶᠢᠨ ᠪᠣᠳᠣᠯᠭ᠎ᠠ | 3. ᠣᠳᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ᠃ 2024 ᠣᠨ ︵ᠪᠠᠭᠲᠠᠨ᠎ᠠ︶ ᠠᠴᠠ ᠰᠡᠭᠦᠯᠡᠷ ᠨᠡᠶᠢᠯᠡᠭᠦᠯᠵᠦ | ᠳᠠᠬᠢᠨ ᠵᠣᠬᠢᠶᠠᠨ ᠪᠠᠶᠢᠭᠤᠯᠬᠤ᠂ ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠭᠢᠯᠲᠡᠲᠦ ᠪᠡᠯᠡ ᠮᠥᠩᠭᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠵᠦ ᠣᠷᠣᠭᠤᠯᠤᠨ᠎ᠠ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ | ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ | ᠨᠤᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ ᠶᠢᠨ ᠳᠡᠮᠵᠢᠯᠭᠡ ᠦᠵᠡᠭᠦᠯᠵᠦ᠂ ᠲᠡᠳᠡᠨᠡᠷ ᠤᠨ ᠲᠠᠷᠢᠶᠠᠯᠠᠩ ᠤᠨ | ᠠᠵᠤ ᠦᠶᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠮᠠᠭᠠᠳᠯᠠᠨ ᠲᠣᠭᠲᠠᠭᠠᠭᠳᠠᠬᠤ ᠶᠢ ᠵᠣᠷᠢᠭᠵᠢᠭᠤᠯᠤᠨ᠎ᠠ᠃ ᠰᠢᠨ᠎ᠡ ᠪᠠᠷ ᠮᠠᠭᠠᠳᠯᠠᠨ | ᠲᠣᠭᠲᠠᠭᠠᠭᠳᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 50 | ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ︹2024︺ 61 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 4. ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭᠠᠤᠯᠬᠤ ᠠᠵᠤ ᠠᠬᠤᠶᠢᠯᠠᠯ ᠢ ᠶᠡᠭᠡ ᠪᠠᠷ ᠪᠤᠶᠢᠵᠢᠭᠤᠯᠤᠨ᠎ᠠ᠃ ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭᠠᠤᠯᠬᠤ ᠶᠢ ᠳᠡᠮᠵᠢᠬᠦ ᠶᠢᠨ ᠬᠠᠮᠲᠤ᠂ ᠲᠠᠷᠢᠶᠠᠴᠢᠳ ᠲᠠᠢ ᠬᠠᠷᠢᠯᠴᠠᠬᠤ ᠲᠠᠷᠢᠶᠠᠴᠢᠳ ᠢ ᠳᠠᠶᠢᠴᠢᠯᠠᠬᠤ | ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠪᠥᠭᠡᠳ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ | 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ | ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠭᠢᠯᠲᠡᠲᠦ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ | ᠪᠡᠯᠡ ᠮᠥᠩᠭᠦ ᠵᠢᠭᠡᠯᠡᠵᠦ ᠣᠷᠣᠭᠤᠯᠤᠨ᠎ᠠ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ | ︵LPR︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠦᠯᠦ | ᠳᠠᠪᠠᠭᠰᠠᠨ ᠲᠠᠮ ᠬᠦᠦ ᠶᠢᠨ ᠳᠡᠮᠵᠢᠯᠭᠡ ᠦᠵᠡᠭᠦᠯᠦᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ︹2024︺ 61 ᠳ᠋ᠦ᠋ᠭᠡᠷ ᠲᠣᠭᠠᠲᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 5. ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠪᠠᠷ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠤᠨ᠎ᠠ᠃ 2024 ᠣᠨ ᠠᠴᠠ ᠰᠡᠭᠦᠯᠡᠷ ᠵᠢᠯ ᠤᠨ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1. 6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ | ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠲᠥᠷᠥᠯ ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ ᠪᠣᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ | ᠶᠣᠰᠣᠭᠠᠷ᠂ ᠵᠢᠯ ᠪᠦᠷᠢ 300 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ ᠶᠢᠨ ᠳᠡᠮᠵᠢᠯᠭᠡ ᠦᠵᠡᠭᠦᠯᠦᠨ᠎ᠡ᠃ ︵ᠥᠪᠥᠷ ᠵᠠᠰᠠᠭ ᠠᠯᠪᠠᠨ | ᠲᠠᠷᠬᠠᠭᠠᠭᠰᠠᠨ ︹2024︺ 61 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠬᠠᠷᠢᠭᠤᠴᠠᠨ᠎ᠠ︶ | 6. ᠤᠷᠢᠳᠴᠢᠯᠠᠨ ᠬᠢᠭᠰᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ | ᠬᠢᠭᠰᠡᠨ ᠵᠠᠭᠤᠰᠢ ᠶᠢᠨ ᠵᠠᠮᠴᠢ ᠠᠵᠤ ᠠᠬᠤᠶᠢᠯᠠᠯ᠂ ᠰᠦᠯᠵᠢᠶᠡᠨ ᠤ ᠪᠣᠷᠤᠯᠠᠭᠤᠯᠭ᠎ᠠ᠂ ᠣᠨᠴᠠᠯᠢᠭᠲᠤ ᠨᠠᠷᠠᠲᠤ ᠲᠡᠮᠳᠡᠭ ᠤᠨ ᠲᠠᠯ᠎ᠠ ᠳᠤ ᠲᠣᠰ ᠪᠦᠷᠢ ᠠᠷᠪᠠᠨ | ᠬᠦᠴᠦᠷᠬᠡᠭ ᠢᠶᠠᠷ ᠰᠢᠯᠭᠠᠷᠠᠭᠤᠯᠤᠭᠰᠠᠨ ᠠᠵᠤ ᠠᠬᠤᠶᠢᠯᠠᠯ ᠳᠤ᠂ ᠪᠣᠷᠤᠯᠠᠭᠤᠯᠭ᠎ᠠ ᠶᠢᠨ ᠬᠡᠮᠵᠢᠶ᠎ᠡ ᠨᠢ ᠳᠡᠭᠡᠷ᠎ᠡ ᠨᠢᠭᠡ ᠵᠢᠯ ᠲᠠᠢ ᠪᠠᠨ ᠬᠠᠷᠢᠴᠠᠭᠤᠯᠪᠠᠯ 100 ᠲᠦᠮᠡᠨ | ᠲᠥᠭᠦᠷᠢᠭ ᠨᠡᠮᠡᠭᠳᠡᠬᠦ ᠪᠦᠷᠢ 2 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠳᠠᠪᠠᠭᠤᠯᠬᠤ | ᠦᠭᠡᠢ᠂ ᠠᠳᠠᠯᠢ ᠨᠢᠭᠡ ᠠᠵᠤ ᠠᠬᠤᠶᠢᠯᠠᠯ ᠢ ᠠᠳᠠᠯᠢ ᠨᠢᠭᠡ ᠣᠨ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ︵ᠥᠪᠥᠷ ᠵᠠᠰᠠᠭ ᠠᠯᠪᠠᠨ ᠲᠠᠷᠬᠠᠭᠠᠭᠰᠠᠨ ︹ | 2024︺ 61 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 7. ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠪ ᠵᠠᠭᠪᠤᠷ ᠲᠤ ᠪᠠᠨ ᠰᠢᠨ᠎ᠡ ᠶᠢ ᠡᠭᠦᠳᠦᠨ᠎ᠡ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ | ᠭᠡᠷᠡᠴᠢᠯᠡᠯ ᠲᠠᠢ ᠠᠵᠤ ᠠᠬᠤᠶᠢᠯᠠᠯ ᠳᠤ ᠭᠡᠷᠡᠴᠢᠯᠡᠯ ᠬᠢᠭᠰᠡᠨ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠭᠰᠡᠨ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ | 2024 ᠣᠨ ᠳᠤ ᠪᠣᠬᠢᠷᠲᠤᠯ ᠦᠭᠡᠢ ᠢᠳᠡᠭᠡᠨ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠭᠠᠷᠤᠯᠲᠠ ᠨᠢ 1000 | ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠯ ᠤᠨ ᠵᠠᠷᠤᠳᠠᠯ ᠢ ᠪᠦᠭᠦ ᠲᠤᠭ᠎ᠠ ᠪᠠᠷ ᠱᠠᠩᠨᠠᠵᠤ ᠨᠥᠬᠦᠪᠦᠷᠢᠯᠡᠨ᠂ ᠪᠣᠳᠠᠲᠠᠢ ᠪᠠᠷᠢᠮᠵᠢᠶ᠎ᠠ ᠶᠢ | ᠳᠡᠭᠡᠷ᠎ᠡ ᠨᠢᠭᠡ ᠵᠢᠯ ᠤᠨ ᠭᠡᠷᠡᠴᠢᠯᠡᠯ ᠤᠨ ᠭᠠᠷᠤᠯᠲᠠ ᠶᠢᠨ ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠃ ︵ᠥᠪᠥᠷ ᠵᠠᠰᠠᠭ ᠠᠯᠪᠠᠨ ᠲᠠᠷᠬᠠᠭᠠᠭᠰᠠᠨ ︹2024︺ | 61 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 8. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠡᠨ | ᠰᠢᠨᠡᠳᠬᠡᠬᠦ ᠶᠢ ᠳᠡᠮᠵᠢᠨ᠎ᠡ᠃ 1000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠨᠢᠭᠡᠨᠲᠡ ᠠᠵᠢᠯ ᠳᠠᠭᠤᠰᠬᠠᠭᠰᠠᠨ | ᠦᠢᠯᠡᠳᠬᠦ ᠦᠢᠯᠡᠰ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠭᠰᠡᠨ ᠪᠠ ᠲᠥᠬᠦᠭᠡᠷᠦᠮᠵᠢ ᠪᠠᠨ ᠰᠢᠨᠡᠳᠬᠡᠭᠰᠡᠨ ᠳᠦᠷᠦᠯ ᠵᠦᠢᠯ ᠳᠤ ᠪᠣᠯ᠂ ᠰᠢᠨᠡᠳᠬᠡᠨ | ᠥᠭᠡᠷᠡᠴᠢᠯᠡᠭᠰᠡᠨ ᠲᠥᠬᠦᠭᠡᠷᠦᠮᠵᠢ ᠪᠠ ᠵᠥᠭᠡᠯᠡᠨ ᠬᠡᠷᠡᠭᠰᠡᠯ ᠤᠨ ᠪᠡᠯᠡ ᠣᠷᠣᠭᠤᠯᠥᠯᠳᠡ ᠶᠢᠨ 20% ᠶᠣᠰᠣᠭᠠᠷ᠂ ᠳᠠᠩ ᠭᠠᠭᠴᠠ ᠳᠦᠷᠦᠯ ᠵᠦᠢᠯ ᠳᠤ 500 | ᠲᠦᠮᠡᠨ ᠲᠥᠭᠦᠷᠢᠭ ᠠᠴᠠ ᠦᠯᠦ ᠳᠠᠪᠠᠭᠤᠯᠬᠤ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 9. ᠳᠤᠮᠳᠠ ᠵᠢᠵᠢᠭ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭ᠎ᠠ ᠮᠠᠭᠠᠳᠯᠠᠨ ᠲᠣᠭᠲᠠᠭᠠᠭᠰᠠᠨ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ | ᠠᠬᠤᠶᠢᠯᠠᠯ ᠢ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ | ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 10. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠶᠢ | ᠳᠡᠮᠵᠢᠵᠦ᠂ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠪᠠᠶᠢᠭᠠᠯᠢᠯᠢᠭ ᠪᠢᠰᠢᠯᠠᠭ᠂ ᠰᠢᠷᠠᠰᠤ᠂ ᠰᠦᠨ ᠲᠡᠮᠦᠷᠲᠥ ᠤᠭᠤᠷᠠᠭ | ᠵᠡᠷᠭᠡ ᠶᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ᠂ ᠲᠥᠬᠦᠭᠡᠷᠦᠮᠵᠢ ᠶᠢᠨ ᠪᠡᠯᠡ ᠣᠷᠣᠭᠤᠯᠤᠭᠰᠠᠨ ᠶᠡᠷᠦᠩᠬᠡᠢ ᠲᠣᠭᠠᠨ ᠤ | 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠥᠪᠥᠷ ᠵᠠᠰᠠᠭ ᠠᠯᠪᠠᠨ ᠲᠠᠷᠬᠠᠭᠠᠭᠰᠠᠨ | ︹2023︺ 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 11. ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠭᠵᠢᠭᠤᠯᠵᠤ᠂ ᠵᠢᠵᠢᠭ | ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠪᠠᠶᠢᠭᠰᠠᠨ ᠠᠴᠠ ᠪᠠᠨ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ | ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠠᠶᠢᠪᠠᠯ᠂ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ᠣᠷᠣᠨ ᠨᠤᠲᠤᠭ ᠤᠨ | ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠪᠠ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠢ ᠳᠡᠮᠵᠢᠵᠦ ᠪᠠᠶᠢᠭᠠᠳ ᠢᠳᠡᠭᠡᠨ ᠤ ᠵᠦᠢᠯ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠦᠨ᠂ ᠬᠡᠪᠴᠢᠶᠡᠵᠢᠭᠦᠯᠦᠨ | ᠡᠵᠡᠩᠨᠡᠬᠦ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠢᠵᠢᠭ ᠬᠡᠯᠪᠡᠷᠢ ᠶᠢᠨ | ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠤᠨ ᠬᠢᠨ ᠤ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠢᠶᠠᠷ | ᠱᠠᠩᠨᠠᠨ ᠬᠥᠬᠢᠭᠦᠯᠵᠦ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠳᠤ ᠨᠢᠭᠡ ᠯᠡ ᠤᠳᠠᠭ᠎ᠠ ᠳᠤ 50 | ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ ᠰᠦ ᠬᠡᠷᠡᠭᠯᠡᠵᠦ | ᠪᠠᠶᠢᠭᠠᠳ ᠪᠠᠶᠢᠭᠠᠯᠢᠯᠢᠭ ᠪᠢᠰᠢᠯᠠᠭ ᠡᠳ᠋ᠰᠢᠭᠦᠯᠦᠨ ᠪᠣᠯᠪᠠᠰᠤᠷᠠᠭᠤᠯᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠵᠦ ᠪᠠᠶᠢᠭᠠᠯᠢᠯᠢᠭ ᠪᠢᠰᠢᠯᠠᠭ | ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ ᠨᠡᠮᠡᠭᠦᠷᠢ ᠣᠯᠭᠤᠨ᠎ᠠ᠃ ︵ | ᠥᠪᠥᠷ ᠵᠠᠰᠠᠭ ᠠᠯᠪᠠᠨ ᠲᠠᠷᠬᠠᠭᠠᠭᠰᠠᠨ ︹2023︺ 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 13. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠪᠠᠨ | ᠨᠡᠮᠡᠭᠳᠡᠭᠦᠯᠬᠦ ᠶᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠵᠦ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ | 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠤᠰ ᠪᠦᠷᠢ 50% ᠪᠠᠷ ᠳᠠᠭᠠᠭᠠᠨ | ᠡᠭᠦᠷᠭᠡᠯᠡᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 14. ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠬᠠᠭᠤᠳᠠᠰᠤᠨ ᠳᠤ ᠨᠡᠮᠡᠭᠦᠷᠢ ᠣᠯᠭᠤᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ | ᠲᠥᠮᠥᠰᠥᠨ ᠤ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠮᠠᠯ ᠤᠨ ᠡᠷᠦᠬᠡ ᠲᠠᠢ ᠲᠣᠭᠲᠠᠪᠤᠷᠢᠲᠠᠢ ᠠᠰᠢᠭ ᠲᠤᠰᠠ | ᠬᠤᠯᠪᠣᠭᠳᠠᠭᠤᠯᠬᠤ ᠲᠣᠭᠲᠠᠴᠠ ᠪᠠᠶᠢᠭᠤᠯᠵᠤ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦᠨ ᠪᠦᠬᠦᠢ ᠵᠠᠬᠢᠶᠠᠯᠠᠭ᠎ᠠ ᠶᠢᠨ ᠬᠠᠭᠤᠳᠠᠰᠤ ᠶᠢ | ᠪᠦᠷᠢᠯᠳᠦᠭᠦᠯᠦᠭᠰᠡᠨ ᠪᠠᠶᠢᠪᠠᠯ᠂ ᠬᠤᠳᠠᠯᠳᠤᠨ ᠠᠪᠬᠤ ᠭᠤᠣᠯ ᠴᠣᠭᠴᠠ ᠳᠤ 20 ᠲᠥᠭᠦᠷᠢᠭ / ᠲᠤᠨ ᠤ ᠨᠡᠮᠡᠭᠦᠷᠢ ᠣᠯᠭᠤᠨ᠎ᠠ᠃ ︵ᠥᠪᠥᠷ ᠵᠠᠰᠠᠭ ᠠᠯᠪᠠᠨ | ᠲᠠᠷᠬᠠᠭᠠᠭᠰᠠᠨ ︹2023︺ 55 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠬᠠᠷᠢᠭᠤᠴᠠᠨ᠎ᠠ︶ ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠶᠢ ᠳᠡᠮᠵᠢᠬᠦ | ᠲᠦᠷᠦ ᠶᠢᠨ ᠪᠣᠳᠣᠯᠭ᠎ᠠ | 15. ᠲᠠᠷᠢᠶ᠋ᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠬᠥᠭᠵᠢᠭᠦᠯᠬᠦ ᠶᠢ ᠳᠡᠮᠵᠢᠨ᠎ᠡ᠃ ᠰᠢᠨ᠎ᠡ ᠪᠠᠷ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠶᠢᠨ ᠲᠥᠪ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠨᠢᠭᠡ ᠯᠡ ᠤᠳᠠᠭ᠎ᠠ ᠳᠤ ᠲᠣᠰ ᠪᠦᠷᠢ 100 ᠲᠦᠮᠡᠨ ᠲᠥᠭᠦᠷᠢᠭ᠂ 50 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ︵ᠥᠪᠥᠷ ᠵᠠᠰᠠᠭ ᠲᠠᠷᠬᠠᠭᠠᠭᠰᠠᠨ ︹2024︺ 6 ᠳ᠋ᠤᠭᠠᠷ ᠲᠣᠭᠠᠲᠤ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 16. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠪᠤᠶᠢᠵᠢᠭᠤᠯᠬᠤ ᠲᠣᠭᠲᠠᠴᠠ ᠪᠠᠨ ᠪᠦᠷᠢᠨᠰᠢᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 15 | ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠨ ᠨᠥᠬᠦᠪᠦᠷᠢᠯᠡᠬᠦ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ | ᠣᠨᠴᠠ ᠲᠣᠮᠢᠯᠠᠭᠳᠠᠭᠰᠠᠳ ᠢ ᠱᠠᠩᠨᠠᠨ ᠬᠥᠬᠢᠭᠦᠯᠦᠨ᠎ᠡ᠃ ︵ᠥᠪᠥᠷ ᠰᠢᠨᠵᠢᠯᠡᠬᠦ ᠲᠠᠷᠬᠠᠭᠠᠭᠰᠠᠨ ︹2024︺ 80 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ ᠲᠠᠪᠤ᠂ ᠠᠵᠤ ᠠᠬᠤᠶᠢᠯᠠᠯ ᠢ ᠳᠡᠮᠵᠢᠬᠦ ᠭᠠᠶᠢᠯᠢ ᠲᠠᠲᠠᠪᠤᠷᠢ ᠶᠢᠨ ᠲᠦᠷᠦ ᠶᠢᠨ | ᠪᠣᠳᠣᠯᠭ᠎ᠠ | 17. ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ ᠲᠠᠢ ᠠᠵᠤ ᠠᠬᠤᠶᠢᠯᠠᠯ ᠠᠴᠠ ᠠᠰᠢᠭ ᠣᠷᠤᠯᠭ᠎ᠠ ᠶᠢᠨ ᠭᠠᠶᠢᠯᠢ ᠶᠢᠨ | ᠣᠷᠣᠨ ᠨᠤᠲᠤᠭ ᠤᠨ ᠬᠤᠪᠢᠳᠠᠨ ᠭᠦᠷᠲᠡᠬᠦ ᠬᠡᠰᠡᠭ ᠢ ᠨᠢ ᠬᠠᠰᠤᠵᠤ ᠬᠡᠯᠲᠦᠷᠢᠭᠦᠯᠬᠦ ᠶᠢ ᠳᠡᠮᠵᠢᠨ᠎ᠡ᠃ 2025 ᠣᠨ ᠤ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯ᠎ᠠ᠂ ᠣᠨ ᠤ ᠭᠠᠶᠢᠯᠢ ᠲᠤᠰᠢᠶᠠᠬᠤ ᠶᠣᠰᠣᠲᠠᠢ ᠠᠰᠢᠭ ᠣᠷᠤᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠣᠷ᠎ᠠ ︵100 ᠲᠦᠮᠡᠨ | ᠲᠥᠭᠦᠷᠢᠭ ᠢ ᠪᠠᠭᠲᠠᠭᠠᠨ᠎ᠠ︶ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ ᠲᠠᠢ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠤᠯᠭ᠎ᠠ ᠶᠢᠨ | ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠭᠦᠷᠲᠡᠬᠦ ᠬᠡᠰᠡᠭ ᠢ ᠨᠢ ᠬᠠᠰᠤᠵᠤ ᠬᠡᠯᠲᠦᠷᠢᠭᠦᠯᠦᠨ᠎ᠡ᠃ ︵ᠥᠪᠥᠷ ᠨᠠᠮ ᠲᠠᠷᠬᠠᠭᠠᠭᠰᠠᠨ ︹2022︺ 24 ᠳ᠋ᠦ᠋ᠭᠡᠷ | ᠲᠣᠭᠠᠲᠤ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | 18. ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠬᠤ ᠶᠢ ᠳᠡᠮᠵᠢᠨ᠎ᠡ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠠᠪᠤᠴᠠ ᠳᠤ ᠪᠣᠳᠠᠲᠠᠢ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ ᠢ ᠪᠣᠯ ᠪᠣᠳᠠᠰᠯᠢᠭ ᠪᠤᠰᠤ | ᠬᠥᠷᠥᠩᠭᠡ ᠪᠣᠯᠵᠤ ᠪᠦᠷᠢᠯᠳᠦᠭᠰᠡᠨ ᠦᠭᠡᠢ ᠪᠠᠷ ᠲᠣᠰ ᠬᠤᠭᠤᠴᠠᠭᠠᠨ ᠤ ᠬᠤᠷᠣᠭᠳᠠᠯ ᠪᠠ ᠣᠯᠵᠠᠪᠤᠷᠢ ᠳᠤ ᠪᠤᠳᠤᠵᠤ ᠣᠷᠣᠭᠤᠯᠤᠭᠰᠠᠨ ᠪᠠᠶᠢᠪᠠᠯ᠂ ᠲᠣᠭᠲᠠᠭᠠᠯ | ᠶᠣᠰᠣᠭᠠᠷ ᠦᠨᠡᠨ ᠢᠶᠠᠷ ᠨᠢ ᠰᠠᠭᠤᠯᠭᠠᠨ ᠠᠪᠤᠭᠰᠠᠨ ᠰᠠᠭᠤᠷᠢᠨ ᠳᠡᠭᠡᠷ᠎ᠡ᠂ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠳᠠᠬᠢᠵᠦ ᠪᠣᠳᠠᠲᠠᠢ | ᠡᠭᠦᠰᠦᠭᠰᠡᠨ ᠲᠣᠭᠠᠨ ᠤ 100% ᠪᠠᠷ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠤᠨ᠎ᠠ︔ ᠪᠣᠳᠠᠰᠯᠢᠭ ᠪᠤᠰᠤ ᠬᠥᠷᠥᠩᠭᠡ ᠪᠣᠯᠵᠤ | ᠪᠦᠷᠢᠯᠳᠦᠭᠰᠡᠨ ᠪᠠᠶᠢᠪᠠᠯ᠂ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠣᠳᠠᠰᠯᠢᠭ ᠪᠤᠰᠤ ᠬᠥᠷᠥᠩᠭᠡ ᠶᠢᠨ ᠥᠪᠡᠷ ᠤᠨ ᠥᠷᠲᠡᠭ ᠤᠨ | 200% ᠪᠠᠷ ᠭᠠᠶᠢᠯᠢ ᠲᠤᠰᠢᠶᠠᠬᠤ ᠠᠴᠠ ᠡᠮᠦᠨ᠎ᠡ ᠲᠡᠰᠬᠡᠨ ᠪᠣᠷᠣᠯᠠᠭᠤᠯᠤᠨ᠎ᠠ᠃ ︹ ︽ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠯᠲᠡ | ᠪᠣᠳᠣᠯᠲᠠ ᠶᠢ ᠰᠠᠭᠤᠯᠭᠠᠨ ᠠᠪᠬᠤ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ | 2023 ᠣᠨ ᠤ 7 ᠳ᠋ᠤᠭᠠᠷ ᠲᠣᠭᠠᠲᠤ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ ︺ | 19. ᠤᠯᠤᠰ ᠠᠴᠠ ᠭᠤᠣᠯᠳᠠᠯᠭ᠎ᠠ ᠲᠠᠢ ᠲᠡᠳᠬᠦᠬᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠠᠴᠠ 15% ᠶᠢᠨ ᠭᠠᠶᠢᠯᠢ ᠶᠢᠨ ᠨᠣᠷᠮ᠎ᠠ ᠪᠠᠷ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠥᠩᠭᠡᠯᠡᠨ ᠲᠠᠲᠠᠪᠤᠷᠢᠯᠠᠨ᠎ᠠ᠃ ︵︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ | ᠠᠬᠤᠶᠢᠯᠠᠯ ᠤᠨ ᠠᠰᠢᠭ ᠣᠷᠤᠯᠭ᠎ᠠ ᠶᠢᠨ ᠭᠠᠶᠢᠯᠢ ᠶᠢᠨ ᠬᠠᠤᠯᠢ︾ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | 20. ᠡᠯ᠎ᠡ ᠭᠠᠵᠠᠷ ᠤᠨ ᠬᠢᠨ ᠬᠠᠤᠯᠢ ᠶᠣᠰᠣᠭᠠᠷ ᠦᠨᠡᠨ ᠬᠦ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠠᠴᠠ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ᠃ ᠬᠤᠲᠠ ᠪᠠᠯᠭᠠᠰᠤᠨ ᠤ | ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠬᠦ ᠪᠠᠷ ᠭᠤᠶᠤᠴᠢᠯᠠᠬᠤ ᠳᠤ᠂ ᠡᠷᠬᠡᠪᠰᠢ ᠳᠣᠣᠷᠠᠬᠢ ᠪᠠᠶᠢᠳᠠᠯ ᠤᠨ ᠨᠢᠭᠡ ᠳᠤ ᠨᠢ ᠨᠡᠶᠢᠴᠡᠬᠦ ᠬᠡᠷᠡᠭᠲᠡᠢ᠄ | ᠪᠠᠶᠢᠭᠠᠯᠢ ᠶᠢᠨ ᠭᠠᠮᠰᠢᠭ ᠪᠤᠶᠤ ᠰᠠᠨᠠᠭᠠᠨ ᠳᠤ ᠦᠭᠡᠢ ᠭᠡᠨᠡᠳᠡᠯ ᠵᠡᠷᠭᠡ ᠰᠢᠯᠲᠠᠭᠠᠨ ᠠᠴᠠ ᠪᠣᠯᠵᠤ ᠬᠦᠨᠳᠦ ᠶᠡᠭᠡ ᠠᠵᠤ ᠠᠬᠤᠢ ᠶᠢᠨ ᠬᠤᠬᠢᠷᠠᠯ ᠳᠤ ᠤᠴᠠᠷᠠᠵᠤ᠂ | ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠲᠤᠰᠢᠶᠠᠬᠤ ᠳᠤ ᠦᠨᠡᠨ ᠬᠦ ᠬᠦᠴᠢᠷᠳᠡᠯᠲᠡᠢ ᠲᠠᠢ ᠪᠠᠶᠢᠬᠤ︔ ᠭᠤᠣᠯ ᠡᠵᠡᠩᠨᠡᠯᠲᠡ ᠶᠢᠨ ᠲᠥᠷᠥᠯ | ᠵᠦᠢᠯ ᠨᠢ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠤᠭᠤᠳᠬᠤ ᠭᠠᠷᠴᠠᠭ︾ ᠲᠤ ᠵᠢᠭᠰᠠᠭᠠᠵᠤ ᠲᠣᠳᠣᠷᠬᠠᠶᠢᠯᠠᠭᠰᠠᠨ ᠵᠣᠷᠢᠭᠵᠢᠭᠤᠯᠬᠤ | ᠲᠥᠷᠥᠯ ᠤᠨ ᠠᠵᠢᠯ ᠲᠥᠷᠥᠯ ᠳᠤ ᠬᠠᠷᠢᠶᠠᠯᠠᠭᠳᠠᠵᠤ᠂ ᠲᠡᠷᠡ ᠮᠥᠷᠲᠡᠭᠡᠨ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ︶ ᠠᠴᠠ ᠳᠡᠭᠡᠭᠰᠢ | ᠠᠯᠳᠠᠭᠳᠠᠯ ᠲᠠᠢ ᠪᠠᠶᠢᠬᠤ︔ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠡᠷᠭᠢᠯᠡᠬᠦ ᠪᠤᠶᠤ ᠵᠠᠰᠠᠭ ᠤᠨ ᠣᠷᠳᠣᠨ ᠤ ᠡᠭᠦᠷᠭᠡ ᠶᠢ ᠳᠠᠭᠠᠭᠠᠨ | ᠡᠭᠦᠷᠭᠡᠯᠡᠭᠰᠡᠨ ᠠᠴᠠ ᠪᠣᠯᠵᠤ᠂ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ︶ ᠠᠴᠠ ᠳᠡᠭᠡᠭᠰᠢ ᠠᠯᠳᠠᠭᠳᠠᠯ ᠲᠠᠢ ᠪᠠᠶᠢᠬᠤ︔ ᠵᠠᠰᠠᠭ ᠤᠨ | ᠣᠷᠳᠣᠨ ᠤ ᠡᠭᠦᠷᠭᠡ ᠶᠢ ᠳᠠᠭᠠᠭᠠᠨ ᠡᠭᠦᠬᠡᠯᠡᠬᠦ ᠭᠡᠳᠡᠭ ᠨᠢ ᠭᠠᠶᠢᠯᠢ ᠲᠤᠰᠢᠶᠠᠭᠴᠢ ᠵᠠᠰᠠᠭ ᠤᠨ ᠣᠷᠳᠣᠨ ᠤ ᠵᠢᠭᠠᠪᠤᠷᠢ ᠶᠢᠨ ᠴᠢᠨᠠᠷᠲᠠᠢ ᠱᠠᠭᠠᠷᠳᠠᠯᠭ᠎ᠠ ᠶᠢ ᠦᠨᠳᠦᠰᠦᠯᠡᠨ | ᠂ ᠵᠠᠰᠠᠭ ᠤᠨ ᠣᠷᠳᠣᠨ ᠪᠤᠶᠤ ᠨᠡᠶᠢᠭᠡᠮ ᠨᠡᠶᠢᠲᠡ ᠳᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠢ᠂ ᠭᠡᠪᠡᠴᠦ ᠣᠯᠣᠭᠰᠠᠨ ᠡᠳ᠋ ᠤᠨ ᠵᠠᠰᠠᠭ ᠤᠨ ᠰᠠᠯᠭᠠᠵᠤ ᠥᠭᠭᠦᠭᠰᠡᠨ | ᠵᠣᠭᠤᠰ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠡᠯ᠎ᠡ ᠵᠦᠢᠯ ᠤᠨ ᠣᠷᠣᠯᠭ᠎ᠠ ᠨᠢ ᠲᠡᠭᠦᠨ ᠤ ᠭᠠᠷᠭᠠᠭᠰᠠᠨ ᠥᠪᠡᠷ ᠤᠨ ᠥᠷᠲᠡᠭ ᠠᠴᠠ ᠨᠢ ᠳᠣᠣᠷ᠎ᠠ ᠪᠠᠶᠢᠬᠤ︔ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠳᠣᠷᠬᠠᠢ ᠲᠣᠭᠲᠠᠭᠠᠭᠠᠳ ᠲᠡᠳᠬᠦᠵᠦ ᠪᠠᠶᠢᠭ᠎ᠠ ᠬᠦᠴᠢᠷᠳᠡᠯᠲᠡᠢ ᠠᠵᠢᠯ ᠲᠥᠷᠥᠯ ᠳᠤ | ᠬᠠᠷᠢᠶᠠᠯᠠᠭᠳᠠᠬᠤ ᠮᠥᠷᠲᠡᠭᠡᠨ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ︶ ᠠᠴᠠ ᠳᠡᠭᠡᠭᠰᠢᠬᠢ ᠠᠯᠳᠠᠭᠳᠠᠯ ᠲᠠᠢ ᠠᠵᠤ ᠠᠬᠤᠶᠢᠯᠠᠯ᠃ ︹ ︽ | 2021 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ | ᠲᠤᠰᠢᠶᠠᠬᠤ ᠵᠦᠢᠯᠡᠰ ᠢ ᠭᠦᠢᠴᠡᠳᠬᠡᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ︾ ︵ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ 2022 ᠣᠨ ᠤ 1 ᠳ᠋ᠦ᠋ᠭᠡᠷ ᠲᠣᠭᠠᠲᠤ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠬᠠᠷᠢᠭᠤᠴᠠᠨ᠎ᠠ ︺ ᠳᠡᠭᠡᠷᠡᠬᠢ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠴᠥᠮ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠷ ᠳᠡᠮᠵᠢᠨ ᠲᠣᠳᠣᠷᠬᠠᠢ | ᠲᠣᠭᠲᠠᠭᠠᠵᠤ᠂ ᠬᠡᠷᠪᠡ ᠬᠠᠷᠠᠭᠠᠯᠵᠠᠭᠰᠠᠨ ᠪᠢᠴᠢᠭ ᠮᠠᠲ᠋ᠧᠷᠢᠶᠠᠯ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠬᠠᠮᠤᠭ ᠤᠨ ᠰᠢᠨ᠎ᠡ ᠲᠣᠬᠢᠷᠠᠭᠤᠯᠤᠯᠲᠠ ᠬᠢᠭᠰᠡᠨ | ᠪᠠᠶᠢᠳᠠᠯ ᠢᠶᠠᠷ ᠪᠠᠷᠢᠮᠵᠢᠶ᠎ᠠ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2025 ᠣᠨ ᠤ 2 ᠳ᠋ᠤᠭᠠᠷ ᠰᠠᠷ᠎ᠠ ᠶᠢᠨ | 14 ᠤ ᠡᠳᠦᠷ ᠳᠠᠷᠤᠮᠠᠯᠯᠠᠨ ᠲᠠᠷᠬᠠᠭᠠᠪᠠ |