ᠣᠶᠢᠷ᠎ᠠ ᠶᠢᠨ ᠡᠳᠦᠷ᠂ ᠲᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ᠤᠨ ᠡᠷᠡᠮᠡᠯᠵᠡᠭᠰᠡᠨ ᠳᠡᠭᠡᠳᠦ ᠲᠡᠰ ᠤᠨ ᠰᠣᠷᠢᠨᠵᠢᠨ ᠴᠢᠨᠠᠷᠲᠤ | ᠮᠠᠲ᠋ᠧᠷᠢᠶᠠᠯ ᠤᠨ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠪᠣᠯᠣᠨ ᠲᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ | ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠡᠷᠡᠮᠡᠯᠵᠡᠭᠰᠡᠨ ᠵᠠᠮ ᠬᠥᠭᠦᠷᠭᠡ ᠶᠢᠨ ᠣᠶᠤᠨᠴᠢ ᠪᠠᠶᠢᠭᠤᠯᠤᠨ ᠴᠣᠭᠴᠠᠯᠠᠬᠤ ᠪᠣᠯᠣᠨ ᠠᠵᠢᠯᠯᠠᠭᠤᠯᠤᠨ ᠬᠠᠮᠠᠭᠠᠯᠠᠬᠤ | ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠶᠢᠭᠤᠯᠭ᠎ᠠ ᠳᠤ ᠳᠠᠩᠰᠠᠯᠠᠭᠳᠠᠵᠤ᠂ ᠪᠤᠭᠤᠲᠤ | ᠬᠤᠳᠠ ᠳᠤ ᠣᠷᠣᠨ ᠤ ᠲᠡᠰ ᠤᠨ ᠠᠺᠠᠳᠧᠮᠢᠴᠢ ᠶᠢᠨ ᠠᠵᠢᠯᠯᠠᠬᠤ ᠦᠷᠳᠡᠭᠡ 2 ᠨᠡᠮᠡᠭᠳᠡᠭᠰᠡᠨ ᠪᠠᠶᠢᠨ᠎ᠠ᠃ | ᠲᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ᠪᠣᠯᠣᠨ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠢᠶᠠᠩ | ᠴᠧᠩ ᠪᠤᠤ ᠠᠺᠠᠳᠧᠮᠢᠴᠢ ᠶᠢᠨ ᠬᠠᠮᠲᠤᠷᠠᠨ ᠪᠠᠶᠢᠭᠤᠯᠤᠭᠰᠠᠨ ᠳᠡᠭᠡᠳᠦ ᠲᠡᠰ ᠤᠨ ᠰᠣᠷᠢᠨᠵᠢᠨ ᠴᠢᠨᠠᠷᠲᠤ ᠮᠠᠲ᠋ᠧᠷᠢᠶᠠᠯ ᠤᠨ ᠥᠪᠥᠷ ᠮᠣᠩᠭᠤᠯ ᠤᠨ ᠠᠺᠠᠳᠧᠮᠢᠴᠢ ᠶᠢᠨ | ᠠᠵᠢᠯᠯᠠᠬᠤ ᠦᠷᠳᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡ ᠶᠢᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠪᠲᠤᠯᠤᠯᠲᠠ ᠶᠢᠨ ᠲᠣᠭᠤᠷᠢᠨ ᠳᠤ ᠬᠠᠮᠵᠢᠯᠴᠠᠭ᠎ᠠ ᠥᠷᠨᠢᠭᠦᠯᠵᠦ᠂ ᠰᠢᠨ᠎ᠡ ᠶᠢ ᠡᠭᠦᠳᠬᠦ ᠲᠠᠪᠴᠠᠩ ᠪᠠᠶᠢᠭᠤᠯᠤᠨ᠂ ᠬᠠᠮ ᠭᠡᠯᠪᠡᠷᠢ ᠶᠢᠨ ᠰᠢᠨ᠎ᠡ ᠶᠢ | ᠡᠭᠦᠳᠬᠦ ᠴᠢᠳᠠᠪᠤᠷᠢᠲᠠᠨ ᠢ ᠬᠤᠯᠪᠤᠭᠠᠯᠠᠨ ᠬᠥᠮᠥᠵᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦᠷ | ᠨᠡᠮᠡᠷᠢᠯᠡᠬᠦ ᠪᠣᠯᠣᠨ᠎ᠠ᠃ | ᠲᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠪᠤᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠣᠯᠣᠨ ᠰᠢᠩᠭᠠᠫᠤᠷ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠶᠢᠨ ᠬᠠᠮᠲᠤᠷᠠᠨ ᠪᠠᠶᠢᠭᠤᠯᠤᠭᠰᠠᠨ ᠵᠠᠮ ᠬᠥᠭᠦᠷᠭᠡ ᠶᠢ ᠣᠶᠤᠨᠴᠢ ᠪᠠᠷ ᠪᠠᠶᠢᠭᠤᠯᠤᠨ ᠴᠣᠭᠴᠠᠯᠠᠬᠤ ᠪᠣᠯᠣᠨ ᠠᠵᠢᠯᠯᠠᠭᠤᠯᠤᠨ | ᠬᠠᠮᠠᠭᠠᠠᠯᠠᠬᠤ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠪᠣᠬᠢᠷᠳᠤᠯ ᠦᠭᠡᠢ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠣᠶᠤᠨᠴᠢ | ᠪᠠᠶᠢᠭᠤᠯᠤᠯᠲᠠ ᠪᠠᠷ ᠭᠤᠣᠯ ᠭᠠᠷᠳᠠᠴᠠ ᠪᠤᠯᠭᠠᠵᠦ᠂ ᠵᠠᠮ ᠳᠡᠭᠡᠷ᠎ᠡ ᠠᠮᠤᠷ ᠲᠦᠪᠰᠢᠨ ᠲᠡᠷᠭᠡ ᠵᠢᠯᠤᠭᠤᠳᠬᠤ ᠵᠢᠴᠢ ᠪᠦᠲᠦᠴᠡ ᠶᠢᠨ ᠵᠢᠷᠤᠭ ᠲᠥᠯᠥᠪᠯᠡᠭᠡ ᠶᠢ ᠨᠢᠭᠡ | ᠴᠣᠭᠴᠠᠵᠢᠭᠤᠯᠬᠤ ᠵᠡᠷᠭᠡ ᠴᠢᠬᠤᠯᠠ ᠰᠤᠳᠤᠯᠭᠠᠨ ᠢ ᠥᠷᠨᠢᠭᠦᠯᠵᠦ᠂ ᠣᠷᠣᠨ ᠪᠦᠰᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠨ᠎ᠡ ᠶᠢ | ᠡᠭᠦᠳᠬᠦ ᠳᠤ ᠬᠦᠴᠦᠨ ᠴᠢᠳᠠᠯ ᠨᠡᠮᠡᠷᠢᠯᠡᠬᠦ ᠪᠣᠯᠣᠨ᠎ᠠ᠃ | ᠣᠳᠣᠬᠠᠨ ᠪᠤᠯᠳᠠᠯ᠎ᠠ ᠪᠤᠭᠤᠲᠤ ᠬᠤᠳᠠ ᠳᠤ ᠣᠷᠣᠨ ᠤ ᠲᠡᠰ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠨᠡᠶᠢᠳᠡ 12 ᠪᠣᠯᠵᠠᠢ᠃ |