ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 1 ᠰᠠᠷ᠎ᠠ ᠶᠢᠨ 2 ᠤᠨ ᠡᠳᠦᠷ ᠪᠢᠴᠢᠭ ᠮᠠᠲ᠋ᠧᠷᠢᠶᠠᠯ ᠪᠠᠭᠤᠯᠭᠠᠵᠤ᠂ 2025 ᠣᠨ ᠤ 1 ᠰᠠᠷ᠎ᠠ ᠶᠢᠨ | 1 ᠤ ᠡᠳᠦᠷ ᠠᠴᠠ ᠡᠬᠢᠯᠡᠨ ᠺᠣᠳ᠋ ᠤᠨ ᠴᠢᠩᠭ᠎ᠠ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠡᠮ ᠤᠨ ᠵᠦᠢᠯ ᠤᠨ ᠮᠥᠷᠳᠡᠯᠲᠡ ᠶᠢᠨ ᠺᠣᠳ᠋ ᠤᠨ | ᠲᠤᠭ᠎ᠠ ᠪᠠᠷᠢᠮᠲᠠ ᠶᠢᠨ ᠦᠷᠳᠡᠭ ᠢ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠲᠣᠮᠣ ᠳ᠋ᠠᠶᠢᠲ᠋ᠠ ᠶᠢᠨ ᠵᠠᠭᠪᠤᠷ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ | ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯᠡᠰ ᠢ ᠰᠣᠯᠢᠯᠴᠠᠨ ᠰᠠᠷᠢᠭᠠᠯᠠᠬᠤ᠂ ᠡᠮᠴᠢᠯᠡᠭᠡᠨ ᠤ ᠪᠠᠲᠤᠯᠠᠭ᠎ᠠ ᠶᠢᠨ ᠺᠠᠷᠲ ᠢ | ᠮᠡᠬᠡᠯᠡᠨ ᠬᠡᠷᠡᠭᠯᠡᠬᠦ ᠳᠤᠬᠤᠵᠤ ᠬᠡᠷᠡᠭᠯᠡᠬᠦ᠂ ᠵᠣᠷ ᠢ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢ ᠬᠡᠷᠡᠭᠯᠡᠬᠦ ᠠᠵᠢᠯᠯᠠᠭ᠎ᠠ ᠳᠤ ᠣᠨᠣᠴᠠᠲᠠᠢ ᠴᠣᠬᠢᠯᠲᠠ ᠥᠭᠴᠦ᠂ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ ᠭᠡᠵᠦ ᠲᠣᠳᠣᠷᠬᠠᠶᠢᠯᠠᠪᠠ᠃ | ᠡᠮ ᠤᠨ ᠵᠦᠢᠯ ᠤᠨ ᠮᠥᠷᠳᠡᠯᠲᠡ ᠶᠢᠨ ᠺᠣᠳ᠋ ᠪᠣᠯ ᠡᠮ ᠤᠨ ᠵᠦᠢᠯ ᠤᠨ ᠴᠣᠷ ᠤᠨ ᠭᠠᠭᠴᠠ ︽ᠡᠯᠧᠺᠳ᠋ᠷᠣᠨ ᠪᠡᠶ᠎ᠡ ᠶᠢᠨ ᠦᠨᠡᠮᠯᠡᠯ︾ ᠮᠥᠨ᠃ 2024 ᠣᠨ ᠤ | 4 ᠰᠠᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠦᠭᠦ ᠤᠯᠤᠰ ᠤᠨ ᠬᠡᠪᠴᠢᠶᠡᠨ ᠳᠤ ᠡᠮ ᠤᠨ ᠵᠦᠢᠯ ᠤᠨ ᠮᠥᠷᠳᠡᠯᠲᠡ ᠶᠢᠨ ᠺᠣᠳ᠋ ᠢ | ᠴᠤᠭᠯᠠᠭᠤᠯᠤᠨ ᠬᠡᠷᠡᠭᠯᠡᠬᠦ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠥᠭᠡᠳ 2024 ᠣᠨ ᠤ 11 ᠰᠠᠷ᠎ᠠ ᠶᠢᠨ ᠡᠬᠢ ᠪᠠᠷ᠂ ᠶᠠᠮᠠᠷ ᠨᠢᠭᠡᠨ ᠡᠮ ᠤᠨ ᠵᠦᠢᠯ ᠤᠨ | ᠮᠥᠷᠳᠡᠯᠲᠡ ᠶᠢᠨ ᠺᠣᠳ᠋ ᠢ ᠳᠠᠪᠬᠤᠷᠳᠠᠭᠤᠯᠤᠨ ᠵᠠᠷᠤᠯᠭ᠎ᠠ ᠮᠡᠳᠡᠭᠦᠯᠬᠦ ᠪᠠᠶᠢᠳᠠᠯ ᠳᠤ ᠴᠢᠭᠯᠡᠭᠦᠯᠦᠨ 46 ᠲᠣᠭᠲᠠᠮᠠᠯ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠠᠴᠠ | ᠢᠯᠡ ᠪᠠᠷ ᠠᠰᠠᠭᠤᠨ ᠯᠠᠪᠯᠠᠵᠤ᠂ ᠮᠥᠷᠳᠡᠯᠲᠡ ᠶᠢᠨ ᠺᠣᠳ᠋ ᠢ ᠬᠡᠷᠡᠭᠯᠡᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠳᠤ ᠬᠢᠨᠠᠯᠲᠠ ᠬᠠᠮᠢᠶᠠᠷᠤᠯᠲᠠ ᠳᠠᠯᠪᠢᠬᠤ | ᠠᠩᠬᠠᠨ ᠤ ᠠᠯᠬᠤᠮ ᠢ ᠠᠯᠬᠤᠪᠠ᠃ | 2024 ᠣᠨ ᠤ 11 ᠰᠠᠷ᠎ᠠ ᠶᠢᠨ 13 ᠤ ᠡᠳᠦᠷ ᠪᠠ 12 ᠰᠠᠷ᠎ᠠ ᠶᠢᠨ 6 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠠᠯᠭᠠᠭ᠎ᠠ ᠪᠠᠷ | ᠬᠤᠶᠠᠷ ᠲᠠᠯᠠᠪᠤᠷ ᠡᠮ ᠤᠨ ᠵᠦᠢᠯ ᠤᠨ ᠮᠥᠷᠳᠡᠯᠲᠡ ᠶᠢᠨ ᠺᠣᠳ᠋ ᠤᠨ ᠡᠮᠴᠢᠯᠡᠭᠡᠨ ᠤ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠳᠠᠬᠢ ᠬᠡᠷᠡᠭᠯᠡᠯᠲᠡ ᠶᠢ ᠴᠢᠩᠭᠠᠳᠬᠠᠬᠤ | ᠲᠤᠬᠠᠢ ᠴᠢᠩ ᠰᠡᠳᠬᠢᠯ ᠢᠶᠠᠷ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠵᠠᠭᠤ ᠭᠠᠷᠤᠢ ᠡᠮ ᠡᠮᠨᠡᠯᠭᠡ ᠶᠢᠨ ᠠᠵᠤ ᠠᠬᠤᠶᠢᠯᠠᠯ ᠢ ᠤᠷᠢᠵᠤ ᠡᠮ ᠤᠨ ᠵᠦᠢᠯ ᠤᠨ | ᠮᠥᠷᠳᠡᠯᠲᠡ ᠶᠢᠨ ᠺᠣᠳ᠋ ᠢ ᠳᠠᠪᠬᠤᠷᠳᠠᠭᠤᠯᠤᠨ ᠵᠠᠷᠤᠯᠭ᠎ᠠ ᠮᠡᠳᠡᠭᠦᠯᠬᠦ ᠰᠡᠵᠢᠭᠲᠡᠢ ᠴᠡᠭ ᠤᠨ ᠲᠤᠭ᠎ᠠ ᠪᠠᠷᠢᠮᠲᠠ ᠶᠢ ᠲᠠᠷᠬᠠᠭᠠᠵᠤ᠂ ᠥᠪᠡᠰᠦᠪᠡᠨ ᠪᠠᠶᠢᠴᠠᠭᠠᠵᠤ | ᠥᠪᠡᠰᠦᠪᠡᠨ ᠵᠠᠯᠠᠷᠠᠭᠤᠯᠬᠤ ᠶᠢ ᠵᠢᠯᠣᠭᠤᠳᠤᠨ ᠥᠷᠨᠢᠭᠦᠯᠦᠭᠰᠡᠨ ᠪᠥᠭᠡᠳ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃ | ᠡᠭᠦᠨ ᠤ ᠬᠠᠮᠲᠤ᠂ ᠪᠦᠭᠦ ᠤᠯᠤᠰ ᠤᠨ ᠡᠯ᠎ᠡ ᠭᠠᠵᠠᠷ ᠤᠨ ᠬᠢᠨ ᠪᠠᠰᠠ ᠴᠢᠩ ᠰᠡᠳᠬᠢᠯ ᠢᠶᠠᠷ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠥᠷᠭᠡᠨ ᠳᠡᠯᠭᠡᠷ ᠤᠬᠠᠭᠤᠯᠭ᠎ᠠ᠂ ᠳᠠᠶᠢᠴᠢᠯᠠᠯᠲᠠ ᠪᠠ ᠬᠥᠮᠦᠵᠢᠯ ᠬᠢᠪᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ᠂ ᠡᠯ᠎ᠡ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠭᠤᠷᠢᠳᠠᠬᠤ ᠪᠤᠳᠣᠯ ᠲᠠᠢ | ᠪᠠᠶᠢᠵᠤ ᠪᠤᠯᠬᠤ ᠦᠭᠡᠢ᠂ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠵᠢᠯ ᠢᠶᠠᠨ ᠴᠢᠩᠭ᠎ᠠ ᠵᠢᠷᠤᠮᠵᠢᠭᠤᠯᠵᠤ᠂ ᠨᠠᠷᠢᠨ ᠬᠢᠨᠠᠮᠠᠭᠠᠢ ᠥᠪᠡᠰᠦᠪᠡᠨ ᠪᠠᠶᠢᠴᠠᠭᠠᠵᠤ | ᠥᠪᠡᠰᠦᠪᠡᠨ ᠵᠠᠯᠠᠷᠠᠭᠤᠯᠵᠤ᠂ ᠲᠣᠭᠲᠠᠭᠠᠯ ᠠᠴᠠ ᠵᠥᠷᠢᠴᠡᠭᠰᠡᠨ ᠪᠠᠶᠢᠪᠠᠯ ᠴᠠᠭ ᠲᠤᠬᠠᠢ ᠳᠤᠨᠢ ᠲᠤᠬᠠᠢ ᠶᠢᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠮᠡᠳᠡᠭᠦᠯᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠰᠠᠨᠠᠭᠠᠴᠢᠯᠠᠭ᠎ᠠ ᠠᠴᠠ ᠪᠠᠨ ᠪᠤᠴᠠᠭᠠᠬᠤ ᠭᠡᠷᠡᠭᠲᠡᠶ ; ᠥᠪᠡᠷ ᠢ ᠪᠠᠨ | ᠬᠠᠮᠢᠶᠠᠷᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ︽ᠺᠠᠷᠲ ᠢ ᠮᠡᠬᠡᠯᠡᠨ ᠵᠢᠷᠤᠬᠤ ᠦᠭᠡᠢ᠂ ᠰᠣᠯᠢᠯᠴᠠᠨ ᠰᠠᠷᠢᠭᠠᠯᠠᠬᠤ | ᠦᠭᠡᠢ᠂ ︵ᠬᠠᠤᠯᠢ ᠪᠤᠰᠤ ᠵᠠᠮ ᠮᠥᠷ ᠤᠨ ᠡᠮ ᠤᠨ ᠵᠦᠢᠯ︶ ᠬᠤᠳᠠᠯᠳᠤᠨ ᠠᠪᠬᠤ ᠦᠭᠡᠢ᠂ ︵ᠬᠠᠤᠯᠢ ᠪᠤᠰᠤ ᠵᠠᠮ ᠮᠥᠷ ᠤᠨ ᠡᠮ ᠤᠨ ᠵᠦᠢᠯ︶ ᠬᠤᠳᠠᠯᠳᠤᠬᠤ | ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠷᠠᠳ ᠣᠯᠠᠨ ᠤ ︽ᠡᠪᠡᠳᠴᠢᠨ ᠦᠵᠡᠭᠦᠯᠭᠦ ᠵᠣᠭᠤᠰ︾᠂ ︽ᠠᠮᠢ ᠠᠪᠤᠷᠠᠬᠤ ᠵᠣᠭᠤᠰ︾ ᠢ | ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠤᠷᠢᠶᠠᠯᠠᠪᠠ᠃ |