ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠭᠠᠷᠭᠠᠭᠰᠠᠨ ᠪᠦᠭᠦ ᠤᠯᠤᠰ ᠤᠨ ᠢᠳᠡᠭᠡᠨ ᠤ ᠠᠮᠤᠷ ᠲᠦᠪᠰᠢᠨ ᠤ ︽ᠲᠠ | ᠵᠠᠬᠢᠶᠠᠯᠠᠵᠤ ᠪᠢᠳᠡ ᠪᠠᠶᠢᠴᠠᠭᠠᠶ᠎ᠠ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠶ᠎ᠡ︾ ᠠᠷᠠᠳ ᠤᠨ ᠰᠠᠨᠠᠭ᠎ᠠ ᠶᠢ ᠴᠤᠭᠯᠠᠭᠤᠯᠬᠤ ᠰᠢᠰᠲ᠋ᠧᠮ ᠢ 2 ᠤᠨ ᠡᠳᠦᠷ | ᠵᠢᠩᠬᠢᠨᠢ ᠪᠠᠷ ᠡᠬᠢᠯᠡᠵᠦ ᠠᠰᠢᠭᠯᠠᠪᠠ᠃ ᠡᠨᠡ ᠬᠦ ᠰᠢᠰᠲ᠋ᠧᠮ ᠨᠢ ᠬᠡᠷᠬᠢᠨ ᠠᠵᠢᠯᠯᠠᠳᠠᠭ ᠪᠤᠢ︖ ᠬᠡᠷᠡᠭᠯᠡᠭᠴᠢᠳ ᠶᠠᠭᠠᠬᠢᠵᠤ ᠣᠷᠤᠯᠴᠠᠬᠤ ᠪᠤᠶ︖ 2025 ᠣᠨ ᠳᠤ | ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠪᠣᠯ︖ | ︽ᠡᠨᠡ ᠬᠦ ᠰᠢᠰᠲ᠋ᠧᠮ ᠪᠣᠯ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠤ ᠬᠡᠷᠡᠭᠴᠡᠭᠡ ᠶᠢ ᠬᠤᠷᠠᠮᠳᠤᠭᠤᠯᠬᠤ ᠲᠠᠪᠴᠠᠩ ᠮᠥᠨ ᠪᠥᠭᠡᠳ ᠪᠠᠰᠠ ᠴᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠴᠣᠩᠬᠤᠪᠴᠢ ᠮᠥᠨ︾᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ᠂ ᠢᠳᠡᠭᠡᠨ ᠤ ᠵᠦᠢᠯ ᠢ | ᠰᠤᠭᠤᠴᠢᠨ ᠪᠠᠶᠢᠴᠠᠭᠠᠬᠤ ᠵᠤᠷᠭᠠᠨ ᠤ ᠳᠠᠷᠤᠭ᠎ᠠ ᠰᠦᠨ ᠬᠤᠢ ᠴᠤᠸᠠᠨ᠂ ᠠᠷᠠᠳ ᠤᠯᠠᠨ ᠤ ᠠᠩᠬᠠᠷᠴᠤ ᠪᠠᠶᠢᠭ᠎ᠠ ᠢᠳᠡᠭᠡᠨ ᠤ ᠵᠦᠢᠯ ᠢ ᠰᠤᠭᠤᠴᠢᠨ ᠪᠠᠶᠢᠴᠠᠭᠠᠬᠤ | ᠰᠠᠨᠠᠭᠤᠯᠭ᠎ᠠ ᠶᠢ ᠢᠯᠡ ᠪᠠᠷ ᠴᠤᠭᠯᠠᠭᠤᠯᠬᠤ ᠨᠢ ᠳᠠᠷᠤᠢ ︽ᠠᠷᠠᠳ ᠤᠯᠠᠨ ᠶᠠᠭᠤ ᠶᠢ ᠠᠩᠬᠠᠷᠪᠠᠯ ᠪᠢᠳᠡ ᠲᠡᠭᠦᠨ ᠢ ᠪᠠᠶᠢᠴᠠᠭᠠᠬᠤ︾ ᠶᠢ ᠰᠠᠨᠠᠭᠠᠴᠢᠯᠠᠵᠤ᠂ | ᠬᠡᠷᠡᠭᠯᠡᠭᠴᠢᠳ ᠢ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠳᠤ ᠣᠷᠣᠯᠴᠠᠭᠴᠢ᠂ ᠭᠡᠷᠡᠴᠢᠯᠡᠭᠴᠢ ᠪᠠ ᠬᠢᠨᠠᠯᠲᠠ ᠲᠠᠯᠪᠢᠭᠴᠢ ᠪᠤᠯᠭᠠᠬᠤ ᠪᠠᠷ ᠰᠠᠨᠠᠭᠠᠴᠢᠯᠠᠳᠠᠭ | ᠭᠡᠵᠦ ᠬᠡᠯᠡᠪᠡ᠃ | ᠲᠠᠨᠢᠯᠴᠠᠭᠤᠯᠤᠭᠰᠠᠨ ᠢᠶᠠᠷ᠂ ᠬᠡᠷᠡᠭᠯᠡᠭᠴᠢᠳ ︽ᠲᠠ ᠵᠠᠬᠢᠶᠠᠯᠠᠵᠤ ᠪᠢᠳᠡ ᠪᠠᠶᠢᠴᠠᠭᠠᠶ᠎ᠠ︾ ᠠᠷᠠᠳ ᠤᠨ ᠰᠠᠨᠠᠭ᠎ᠠ ᠶᠢ ᠴᠤᠭᠯᠠᠭᠤᠯᠬᠤ ᠠᠵᠢᠯᠯᠠᠭ᠎ᠠ ᠳᠤ ᠣᠷᠣᠯᠴᠠᠪᠠᠯ | ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠯᠪᠠᠨ ᠤ ᠰᠦᠯᠵᠢᠶ᠎ᠡ ᠳᠤ ᠭᠠᠷᠴᠤ᠂ ᠪᠦᠭᠦ ᠤᠯᠤᠰ ᠤᠨ | ᠨᠢᠭᠡᠳᠦᠯᠲᠡᠢ ︽ᠲᠠ ᠵᠠᠬᠢᠶᠠᠯᠠᠵᠤ ᠪᠢᠳᠡ ᠪᠠᠶᠢᠴᠠᠭᠠᠶ᠎ᠠ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠶ᠎ᠡ︾ ᠠᠵᠢᠯᠯᠠᠭ᠎ᠠ ᠶᠢᠨ ᠬᠤᠶᠠᠷ ᠬᠡᠮᠵᠢᠯᠲᠦ ᠺᠣᠳ᠋ ᠢ | ᠰᠢᠷᠪᠢᠬᠦ ᠪᠠᠷ ᠳᠡᠮᠵᠢᠨ ᠠᠷᠠᠳ ᠤᠨ ᠰᠠᠨᠠᠭ᠎ᠠ ᠶᠢ ᠴᠤᠭᠯᠠᠭᠤᠯᠬᠤ ᠰᠢᠰᠲ᠋ᠧᠮ ᠳᠤ ᠣᠷᠣᠵᠤ ᠪᠣᠯᠣᠨ᠎ᠠ᠃ ᠬᠡᠷᠡᠭᠯᠡᠭᠴᠢᠳ ᠠᠰᠠᠭᠤᠯᠲᠠ ᠶᠢᠨ ᠬᠠᠭᠤᠳᠠᠰᠤ ᠪᠠᠨ | ᠲᠤᠰᠢᠶᠠᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠬᠠᠯᠠᠮᠰᠢᠯ ᠠᠰᠠᠭᠤᠳᠠᠯ ᠢ | ᠣᠨᠣᠪᠴᠢᠲᠠᠶ ᠡᠵᠡᠮᠳᠡᠵᠦ᠂ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠳᠤ ᠴᠢᠭᠯᠡᠭᠦᠯᠬᠦ ᠴᠢᠨᠠᠷᠲᠠᠢ ᠠᠵᠢᠯ ᠢ ᠥᠷᠨᠢᠭᠦᠯᠵᠦ ᠪᠣᠯᠣᠨ᠎ᠠ᠃ | 2024 ᠣᠨ ᠤ 11 ᠰᠠᠷ᠎ᠠ ᠶᠢᠨ 20 ᠤ ᠡᠳᠦᠷ ᠠᠴᠠ ᠡᠬᠢᠯᠡᠨ᠂ ᠡᠨᠡ ᠬᠦ ᠰᠢᠰᠲ᠋ᠧᠮ ᠢ ᠨᠢᠭᠡᠨᠲᠡ ᠪᠦᠭᠦ ᠤᠯᠤᠰ ᠤᠨ ᠣᠯᠠᠨ ᠭᠠᠵᠠᠷ ᠲᠤ 40 ᠭᠠᠷᠤᠢ | ᠡᠳᠦᠷ ᠲᠤᠷᠰᠢᠨ ᠠᠵᠢᠯᠯᠠᠭᠤᠯᠵᠠᠢ᠃ ᠲᠤᠷᠰᠢᠨ ᠬᠡᠷᠡᠭᠵᠢᠭᠦᠯᠦᠭᠰᠡᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠤᠨ ᠬᠢᠨ ᠤᠷᠢᠳ ᠬᠤᠵᠢᠳ 276 ᠬᠤᠭᠤᠴᠠᠭ᠎ᠠ | ᠠᠰᠠᠭᠤᠯᠲᠠ ᠶᠢᠨ ᠬᠠᠭᠤᠳᠠᠰᠤ ᠨᠡᠶᠢᠲᠡᠯᠡᠵᠦ᠂ ᠣᠷᠣᠯᠴᠠᠬᠰᠠᠨ ᠬᠥᠮᠥᠨ ᠤᠳᠠᠭ᠎ᠠ 14.35 ᠲᠦᠮᠡ ᠳᠤ ᠬᠦᠷᠴᠦ᠂ ᠠᠷᠠᠳ ᠤᠨ ᠰᠠᠨᠠᠭ᠎ᠠ ᠶᠢ ᠴᠤᠭᠯᠠᠭᠤᠯᠬᠤ | ᠪᠦᠭᠦ᠋ᠢᠯᠡ ᠰᠢᠰᠲ᠋ᠧᠮ ᠲᠣᠭᠲᠠᠭᠤᠨ ᠠᠵᠢᠯᠯᠠᠵᠠᠢ᠃ | ᠰᠦᠨ ᠬᠤᠢ ᠴᠤᠸᠠᠨ᠂ ᠡᠨᠡ ᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠠᠴᠠ ᠡᠮᠦᠨ᠎ᠡ 5 ᠵᠢᠯ ᠤᠨ ᠠᠵᠢᠯ ᠤᠨ ᠦᠢᠯᠡᠳᠦᠯᠭᠡ ᠶᠢ | ᠳᠠᠮᠵᠢᠵᠠᠢ᠃ 2020 ᠣᠨ ᠠᠴᠠ ᠨᠠᠭᠠᠰᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠢᠯ ᠪᠦᠷᠢ ︽ᠲᠠ ᠵᠠᠬᠢᠶᠠᠯᠠᠵᠤ ᠪᠢᠳᠡ | ᠪᠠᠶᠢᠴᠠᠭᠠᠶ᠎ᠠ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠶ᠎ᠡ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ ᠪᠠᠶᠢᠨ᠎ᠠ᠃ 5 ᠵᠢᠯ ᠤᠨ ᠲᠤᠷᠰᠢ᠂ ᠪᠦᠭᠦ | ᠤᠯᠤᠰ ᠤᠨ ᠡᠯ᠎ᠡ ᠭᠠᠵᠠᠷ ᠤᠨ ᠬᠢᠨ ᠨᠡᠶᠢᠳᠡ 7200 ᠭᠠᠷᠤᠢ ᠤᠳᠠᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠠᠰᠠᠭᠤᠯᠲᠠ ᠶᠢᠨ ᠬᠠᠭᠤᠳᠠᠰᠤ ᠶᠢ | 1790 ᠭᠠᠷᠤᠢ ᠲᠦᠮᠡᠨ ᠬᠤᠪᠢ ᠴᠤᠭᠯᠠᠭᠤᠯᠵᠤ᠂ ᠰᠤᠭᠤᠴᠢᠨ ᠪᠠᠶᠢᠴᠠᠭᠠᠭᠰᠠᠨ ᠬᠡᠮᠵᠢᠶ᠎ᠡ 98 ᠲᠦᠮᠡᠨ ᠤᠳᠠᠭ᠎ᠠ ᠳᠤ ᠬᠦᠷᠴᠡᠢ᠃ ᠪᠠᠶᠢᠴᠠᠭᠠᠵᠤ ᠢᠯᠡᠷᠡᠭᠦᠯᠦᠭᠰᠡᠨ | ᠬᠢᠷᠢ ᠲᠡᠩᠴᠡᠬᠦ ᠦᠭᠡᠢ ᠢᠳᠡᠭᠡᠨ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ ᠬᠢᠨᠠᠨ | ᠪᠠᠶᠢᠴᠠᠭᠠᠵᠤ ᠰᠢᠢᠳᠪᠦᠷᠢᠯᠡᠨ᠂ ᠵᠠᠬ᠎ᠠ ᠠᠴᠠ ᠪᠠᠭᠤᠯᠭᠠᠨ ᠪᠤᠴᠠᠭᠠᠨ ᠠᠪᠠᠴᠢᠭᠰᠠᠨ 1200 ᠭᠠᠷᠤᠢ ᠲᠣᠨ ᠬᠢᠷᠢ ᠲᠡᠩᠴᠡᠬᠦ ᠦᠭᠡᠢ ᠢᠳᠡᠭᠡᠨ᠂ ᠲᠣᠷᠭᠠᠵᠤ ᠬᠤᠷᠢᠶᠠᠨ | ᠠᠪᠤᠭᠰᠠᠨ 1.76 ᠳ᠋ᠦᠩᠰᠢᠭᠤᠷ ᠲᠥᠭᠦᠷᠢᠭ ᠵᠡᠷᠭᠡ ᠶᠢ ᠪᠢᠲᠡᠭᠦᠮᠵᠢᠯᠡᠨ ᠬᠠᠳᠠᠭᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 230 ᠭᠠᠷᠤᠢ ᠬᠤᠪᠢ | ᠰᠢᠯᠵᠢᠭᠦᠯᠦᠨ ᠬᠦᠷᠭᠡᠪᠡ ᠭᠡᠵᠦ ᠲᠠᠨᠢᠯᠴᠠᠭᠤᠯᠵᠠᠢ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠢᠳᠡᠭᠡᠨ ᠤ ᠵᠦᠢᠯ ᠢ ᠰᠤᠭᠤᠴᠢᠨ ᠪᠠᠶᠢᠴᠠᠭᠠᠬᠤ ᠵᠤᠷᠭᠠᠨ ᠤ ᠳᠡᠳ᠋ ᠳᠠᠷᠤᠭ᠎ᠠ | ᠦ᠋ ᠯᠢ ᠮᠧᠶ᠂ ᠣᠶᠢᠷ᠎ᠠ ᠶᠢᠨ ᠵᠢᠯ ᠳᠤ ᠪᠦᠭᠦ ᠤᠯᠤᠰ ᠤᠨ ︽ᠲᠠ ᠵᠠᠬᠢᠶᠠᠯᠠᠵᠤ ᠪᠢᠳᠡ ᠪᠠᠶᠢᠴᠠᠭᠠᠶ᠎ᠠ︾ ᠠᠵᠢᠯᠯᠠᠭ᠎ᠠ ᠠᠴᠠ ᠴᠤᠭᠯᠠᠭᠤᠯᠤᠭᠰᠠᠨ ᠪᠠᠶᠢᠳᠠᠯ ᠠᠴᠠ | ᠦᠵᠡᠪᠡᠯ᠂ ᠬᠡᠷᠡᠭᠯᠡᠭᠴᠢᠳ ᠤᠨ ᠨᠡᠶᠢᠳᠡᠮ ᠠᠩᠬᠠᠷᠴᠤ ᠪᠠᠶᠢᠭ᠎ᠠ ᠢᠳᠡᠭᠡᠨ ᠤ ᠵᠦᠢᠯ ᠳᠤ ᠭᠤᠣᠯᠳᠠᠭᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ᠂ ᠬᠤᠭᠤᠯᠠ | ᠪᠤᠳᠠᠭ᠎ᠠ᠂ ᠠᠮᠤ ᠪᠤᠳᠠᠭ᠎ᠠ ᠡᠳ᠋ᠰᠢᠭᠦᠯᠦᠭᠰᠡᠨ ᠡᠳ᠋᠂ ᠠᠮᠲᠠ ᠣᠷᠣᠭᠤᠯᠤᠭᠴᠢ᠂ ᠪᠤᠭᠤᠷᠰᠤᠭ᠂ ᠤᠮᠳᠠᠭᠠᠨ᠂ ᠮᠢᠬᠠᠨ ᠤ ᠵᠦᠢᠯ᠂ ᠠᠷᠢᠬᠢᠨ ᠤ ᠵᠦᠢᠯ᠂ ᠢᠳᠡᠭᠡᠨ ᠤ | ᠲᠣᠰᠣ᠂ ᠴᠠᠭᠠᠨ ᠢᠳᠡᠭᠡᠨ ᠤ ᠵᠦᠢᠯ ᠵᠡᠷᠭᠡ 10 ᠶᠡᠭᠡ ᠲᠥᠷᠥᠯ ᠵᠦᠢᠯ ᠪᠠᠶᠢᠨ᠎ᠠ ᠭᠡᠵᠦ ᠲᠠᠨᠢᠯᠴᠠᠭᠤᠯᠪᠠ᠃ | 2025 ᠣᠨ ᠳᠤ ᠪᠦᠭᠦ ᠤᠯᠤᠰ ᠤᠨ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠠᠷᠠᠳ ᠢᠷᠭᠡᠳ ᠤᠨ | ᠵᠠᠬᠢᠶᠠᠯᠠᠵᠤ ᠪᠠᠶᠢᠴᠠᠭᠠᠬᠤ ᠡᠳᠦᠷ︾ ᠤᠨ ᠪᠣᠳᠠᠲᠤ ᠴᠣᠭᠴᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠵᠦᠢᠯ ᠤᠨ ᠰᠤᠭᠤᠴᠢᠨ | ᠪᠠᠶᠢᠴᠠᠭᠠᠯᠲᠠ ᠶᠢ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠳᠤ ᠣᠶᠢᠷᠠᠲᠤᠭᠤᠯᠵᠤ᠂ ᠠᠳᠠᠯᠢ ᠪᠤᠰᠤ ᠬᠥᠮᠥᠰ ᠤᠨ ᠣᠯᠠᠨ ᠶᠠᠩᠵᠤ ᠶᠢᠨ ᠬᠡᠷᠡᠭᠴᠡᠭᠡ ᠶᠢ | ᠬᠠᠩᠭᠠᠵᠤ᠂ ᠬᠡᠷᠡᠭᠯᠡᠭᠴᠢᠳ ᠲᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠠᠭᠠᠯᠠᠯᠲᠠ ᠶᠢ ᠬᠦᠷᠲᠡᠭᠡᠬᠦ ᠪᠠᠷ ᠪᠤᠢ᠃ | ᠰᠦᠨ ᠬᠤᠢ ᠴᠤᠸᠠᠨ᠂ ︽ᠥᠲᠡᠭᠦᠰ ᠨᠢᠯᠬᠠᠰ︾ ᠤᠨ ᠢᠳᠡᠭᠡᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ᠂ ᠥᠷᠭᠡᠨ ᠬᠡᠷᠡᠭᠯᠡᠭᠡᠨ ᠤ ᠢᠳᠡᠭᠡᠨ᠂ | ᠤᠯᠠᠷᠢᠯ ᠤᠨ ᠢᠳᠡᠭᠡᠨ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠤᠷᠭᠠᠭᠤᠯᠢ ᠶᠢᠨ ᠬᠦᠷᠢᠶᠡᠨ ᠳᠤ ᠣᠷᠣᠬᠤ᠂ ᠵᠠᠬ᠎ᠠ ᠳᠡᠯᠭᠡᠭᠦᠷ ᠲᠤ ᠣᠷᠣᠬᠤ᠂ ᠨᠡᠶᠢᠭᠡᠮ | ᠲᠣᠭᠤᠷᠢᠭ ᠲᠤ ᠣᠷᠣᠬᠤ᠂ ᠬᠥᠳᠡᠭᠡ ᠲᠣᠰᠬᠤᠨ ᠳᠤ ᠣᠷᠣᠬᠤ︾ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ ᠤ | ᠰᠤᠭᠤᠴᠢᠨ ᠪᠠᠶᠢᠴᠠᠭᠠᠬᠤ ᠭᠤᠣᠯᠳᠠᠯᠭ᠎ᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ ᠲᠦᠭᠰᠢᠭᠦᠷᠢ ᠶᠢᠨ ᠳᠠᠯᠳᠠ ᠭᠡᠮ ᠲᠥᠪᠯᠡᠷᠡᠭᠰᠡᠨ ᠡᠵᠡᠩᠨᠡᠯᠲᠡ ᠶᠢᠨ | ᠭᠤᠣᠯ ᠴᠣᠭᠴᠠ᠂ ᠦᠢᠯᠡᠳᠬᠦᠨ ᠤ ᠲᠥᠷᠥᠯ ᠢᠯᠭᠠᠯ ᠢ ᠰᠠᠶᠢᠲᠤᠷ ᠠᠩᠬᠠᠷᠴᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠡᠭᠡ ᠡᠭᠦᠰᠳᠡᠭ ᠦᠢᠯᠡᠳᠪᠦᠷᠢᠯᠡᠯ | ᠡᠵᠡᠩᠨᠡᠯᠲᠡ ᠶᠢᠨ ᠲᠠᠯᠠᠪᠤᠷ ᠪᠠ ᠭᠠᠵᠠᠷ ᠣᠷᠣᠨ ᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠴᠤᠬᠤᠶᠢᠯᠲᠠ ᠶᠢᠨ | ᠴᠢᠨᠠᠷᠲᠠᠢ᠂ ᠬᠡᠯᠪᠡᠷᠢᠯ ᠤᠨ ᠴᠢᠨᠠᠷᠲᠠᠢ᠂ ᠳᠠᠯᠳᠠ ᠴᠢᠨᠠᠷᠲᠠᠢ ᠠᠰᠠᠭᠤᠳᠠᠯ ᠢ ᠡᠷᠢᠵᠦ ᠭᠠᠷᠭᠠᠨ᠎ᠠ ᠭᠡᠵᠦ ᠢᠯᠡᠳᠬᠡᠪᠡ᠃ | ᠲᠠᠨᠢᠯᠴᠠᠭᠤᠯᠤᠭᠰᠠᠨ ᠢᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠷᠠᠳ ᠢᠷᠭᠡᠳ ᠤᠨ ᠰᠠᠨᠠᠭᠤᠯᠭ᠎ᠠ ᠶᠢ | ᠴᠤᠭᠯᠠᠭᠤᠯᠤᠭᠰᠠᠨ ᠤ ᠳᠠᠷᠠᠭ᠎ᠠ᠂ ᠶᠡᠷᠦ ᠳᠡᠭᠡᠨ ︽ᠵᠢᠷᠭᠤᠭᠠᠨ ᠠᠯᠬᠤᠮ ᠤᠨ ᠠᠵᠢᠯ ᠤᠨ ᠠᠷᠭ᠎ᠠ︾᠂ ᠲᠤᠬᠠᠶᠢᠯᠠᠪᠠᠯ ᠲᠥᠯᠥᠪᠯᠡᠭᠡ ᠳᠤ ᠣᠷᠣᠭᠤᠯᠬᠤ᠂ ᠵᠣᠬᠢᠶᠠᠨ | ᠪᠠᠶᠢᠭᠤᠯᠤᠯᠲᠠ ᠶᠢᠨ ᠥᠯᠢᠭᠡᠷ ᠠᠪᠬᠤ᠂ ᠰᠢᠨᠵᠢᠯᠡᠬᠦ ᠤᠬᠠᠭᠠᠨᠴᠢ ᠪᠠᠷ ᠰᠢᠯᠭᠠᠨ ᠪᠠᠶᠢᠴᠠᠭᠠᠬᠤ᠂ ᠮᠡᠳᠡᠭᠡ ᠵᠠᠩᠭᠢ ᠨᠡᠶᠢᠲᠡᠯᠡᠬᠦ᠂ ᠬᠠᠷᠭᠤᠭᠤᠯᠤᠨ ᠪᠠᠶᠢᠴᠠᠭᠠᠵᠤ | ᠰᠢᠢᠳᠪᠦᠷᠢᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠯᠬᠤᠮ ᠢᠶᠠᠷ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠳᠡᠭ᠃ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠯᠪᠠᠨ ᠤ | ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ ᠬᠢᠷᠢ ᠲᠡᠩᠴᠡᠬᠦ ᠦᠭᠡᠢ ᠢᠳᠡᠭᠡᠨ ᠳᠤ᠂ ᠬᠠᠷᠢᠶ᠎ᠠ ᠭᠠᠵᠠᠷ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ ᠪᠠᠶᠢᠴᠠᠭᠠᠵᠤ ᠰᠢᠢᠳᠪᠦᠷᠢᠯᠡᠬᠦ ᠲᠠᠰ ᠳᠠᠷᠠᠭᠠᠯᠠᠯ ᠤᠨ ᠶᠣᠰᠣᠭᠠᠷ᠂ ᠬᠢᠨᠠᠨ ᠪᠠᠶᠢᠴᠠᠭᠠᠵᠤ | ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠢᠳᠡᠭᠡᠨ ᠤ ᠦᠢᠯᠡᠳᠪᠦᠷᠢᠯᠡᠭᠴᠢ ᠡᠵᠡᠩᠨᠡᠭᠴᠢ ᠶᠢ ᠱᠠᠯᠠᠪᠳᠠᠭᠤᠯᠤᠨ | ᠴᠠᠭ ᠲᠤᠬᠠᠢ ᠳᠤᠨᠢ ᠵᠠᠬ᠎ᠠ ᠠᠴᠠ ᠪᠠᠭᠤᠯᠭᠠᠵᠤ ᠬᠢᠷᠢ ᠲᠡᠩᠴᠡᠬᠦ ᠦᠭᠡᠢ ᠢᠳᠡᠭᠡᠨ ᠢ ᠪᠤᠴᠠᠭᠠᠨ ᠠᠪᠠᠴᠢᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠯᠠᠨ ᠵᠦᠢᠯ ᠤᠨ ᠠᠷᠭ᠎ᠠ ᠵᠠᠮ ᠢᠶᠠᠷ ᠢᠳᠡᠭᠡᠨ ᠤ ᠠᠮᠤᠷ ᠲᠦᠪᠰᠢᠨ ᠤ ᠬᠡᠷᠡᠭᠯᠡᠭᠡ ᠶᠢᠨ ᠰᠠᠨᠠᠭᠤᠯᠤᠮᠵᠢ ᠶᠢ ᠨᠡᠶᠢᠲᠡᠯᠡᠵᠦ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠤᠷᠢᠵᠤ ᠮᠠᠳᠠᠭ ᠲᠠᠢ ᠠᠰᠠᠭᠤᠳᠠᠯ ᠢ ᠲᠠᠶᠢᠯᠵᠤ᠂ ᠬᠡᠷᠡᠭᠯᠡᠭᠴᠢᠳ ᠤᠨ ᠢᠳᠡᠭᠡᠨ ᠤ ᠠᠮᠤᠷ | ᠲᠦᠪᠰᠢᠨ ᠤ ᠲᠤᠬᠠᠢ ᠣᠶᠤᠨᠴᠢ ᠲᠠᠨᠢᠯᠲᠠ ᠪᠠ ᠰᠢᠭᠤᠳ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠤᠯᠠᠨ ᠢ ᠨᠡᠩ ᠰᠠᠨᠠᠭ᠎ᠠ ᠠᠮᠤᠷ ᠵᠣᠭᠤᠭᠯᠠᠭᠤᠯᠵᠤ᠂ | ᠬᠡᠷᠡᠭᠯᠡᠭᠡ ᠶᠢ ᠨᠡᠩ ᠠᠮᠤᠷ ᠲᠦᠪᠰᠢᠨ ᠪᠣᠯᠭᠠᠨ᠎ᠠ᠃ |