︽41 ᠭᠷᠡᠳᠦ᠋ᠰ ᠤᠨ ᠭᠦᠶᠡᠩ ᠰᠢᠶᠠᠨ︾ ᠨᠢ ᠬᠡᠷᠡᠭᠯᠡᠭᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠪᠡ ᠭᠦᠶᠡᠩ ᠰᠢᠶᠠᠨ ᠤ ︽5 · 1︾ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2025/6/16
    ︽5.1︾ ᠤ ᠠᠮᠠᠷᠠᠯᠲᠠ ᠶᠢᠨ ᠬᠤᠭᠤᠴᠠᠭᠠᠨ ᠳᠤ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽41 ᠭᠷᠡᠳᠦ᠋ᠰ ᠤᠨ ᠭᠦᠶᠡᠩ ᠰᠢᠶᠠᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠪᠠᠷ ᠭᠤᠤᠯ ᠪᠣᠯᠭᠠᠵᠤ᠂ ᠰᠣᠶᠣᠯ ᠬᠤᠳᠠᠯᠳᠤᠭ᠎ᠠ ᠵᠢᠭᠤᠯᠴᠢᠯᠠᠯ ᠢ ᠠᠭᠤᠰᠤᠯᠴᠠᠭᠤᠯᠤᠭᠰᠠᠨ ᠰᠢᠷᠢᠰ ᠠᠵᠢᠯᠯᠠᠭ᠎ᠠ ᠶᠢ ᠰᠢᠨ᠎ᠡ ᠪᠠᠷ ᠡᠭᠦᠳᠴᠦ᠂ ᠰᠢᠶᠠᠨ ᠤ ᠬᠡᠪᠴᠢᠶᠡᠨ ᠤ ᠬᠡᠷᠡᠭᠯᠡᠭᠡ ᠶᠢᠨ ᠥᠷᠨᠢᠯᠲᠡ ᠶᠢ ᠬᠥᠭᠵᠢᠭᠡᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃     ᠰᠣᠶᠣᠯ ᠬᠤᠳᠠᠯᠳᠤᠭ᠎ᠠ ᠵᠢᠭᠤᠯᠴᠢᠯᠠᠯ ᠭᠦᠨᠵᠡᠭᠡᠢ ᠠᠭᠤᠰᠤᠯᠴᠠᠵᠤ᠂ ᠬᠡᠷᠡᠭᠯᠡᠭᠡᠨ ᠤ ᠲᠠᠯᠠᠪᠠᠢ ᠶᠢᠨ ᠣᠯᠠᠨ ᠲᠠᠯ᠎ᠠ ᠶᠢᠨ ᠰᠢᠨ᠎ᠡ ᠶᠢ ᠡᠭᠦᠳᠪᠡ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 2 ᠤᠨ ᠡᠳᠦᠷ᠂ ︽41 ᠭᠷᠡᠳᠦ᠋ᠰ ᠤᠨ ᠭᠦᠶᠡᠩ ᠰᠢᠶᠠᠨ︾ ᠤ ᠲᠤᠰᠬᠠᠶ ᠲᠣᠭᠯᠠᠯᠲᠠ ᠶᠢᠨ ᠦᠳᠡᠰᠢᠯᠡᠭᠡ ᠵᠢᠴᠢ ︽ᠭᠦᠶᠡᠩ ᠤᠨ ᠰᠣᠳᠣᠨ ᠪᠦᠲᠦᠭᠡᠭᠳᠡᠬᠦᠨ ᠢ ᠬᠤᠷᠠᠮᠳᠤᠭᠤᠯᠵᠤ᠂ ᠭᠠᠵᠠᠷ ᠵᠦᠶ ᠶᠢᠨ ᠲᠡᠮᠳᠡᠭᠲᠦ ᠶᠢᠨ ᠪᠣᠯᠵᠤᠭ᠎ᠠ︾ 2025 ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠬᠥᠨᠳᠡᠯᠡᠨ ᠲᠣᠭᠤᠷᠢᠭ ᠤᠨ ᠡᠤ ᠶᠤᠸᠠᠢ ᠠᠭᠤᠳᠠᠮ ᠲᠠᠯᠠᠪᠠᠶ ᠳᠤ ᠬᠥᠷ ᠬᠥᠭᠵᠢᠶᠡᠨ ᠲᠠᠢ ᠶᠠᠪᠤᠭᠳᠠᠪᠠ᠃ ᠠᠵᠢᠯᠯᠠᠭ᠎ᠠ ᠨᠢ ︽ᠳᠡᠯᠭᠡᠨ ᠪᠣᠷᠣᠯᠠᠭᠤᠯᠬᠤ + ᠴᠤᠭᠯᠠᠭᠠᠨ + ᠪᠡᠯᠡᠳᠬᠡᠯ ᠬᠠᠶᠢᠷᠴᠠᠭ ᠤᠨ ᠴᠤᠭᠯᠠᠭ᠎ᠠ ᠮᠠᠶᠢᠮᠠᠶ︾ ᠶᠢᠨ ᠰᠢᠨ᠎ᠡ ᠶᠢ ᠡᠭᠦᠳᠬᠦ ᠵᠠᠭᠪᠤᠷ ᠢ ᠬᠡᠷᠡᠭᠯᠡᠵᠦ᠂ 20 ᠭᠠᠷᠤᠶ ᠡᠷᠬᠡ ᠣᠯᠭᠤᠭᠰᠠᠨ ᠠᠵᠤ ᠠᠬᠤᠶᠢᠯᠠᠯ ᠵᠢᠴᠢ 6 ᠪᠠᠯᠭᠠᠰᠤᠨ ᠤ ᠬᠠᠮᠲᠤ ᠶᠢᠨ ᠠᠵᠤ ᠠᠬᠤᠶ ᠦᠵᠡᠰᠬᠦᠯᠡᠩ ᠳᠤ ᠣᠷᠣᠯᠴᠠᠬᠤ ᠶᠢ ᠵᠣᠬᠢᠶᠠᠨ ᠪᠠᠶᠢᠭᠤᠯᠵᠤ᠂ ᠰᠦᠯᠵᠢᠶᠡᠨ ᠤ ᠬᠠᠯᠠᠮᠰᠢᠯ ᠺᠠᠷᠳ᠋ᠯᠠᠬᠤ ᠬᠡᠷᠡᠮ ᠪᠠᠶᠢᠭᠤᠯᠵᠤ᠂ ᠭᠦᠶᠡᠩ ᠤᠨ ᠬᠤᠨᠴᠢᠷ ᠤᠨ ᠪᠡᠶ᠎ᠡ ᠰᠤᠪᠢᠯᠠᠯᠲᠠ ᠶᠢᠨ ᠤᠰᠤ ᠲᠠᠷᠬᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠶᠡᠩ ᠤᠨ ᠰᠠᠶᠢᠬᠠᠨ ᠪᠣᠳᠠᠰ ᠤᠨ ᠳᠡᠯᠭᠡᠨ ᠪᠣᠷᠣᠯᠠᠭᠤᠯᠤᠯᠲᠠ᠂ ᠬᠥᠭᠵᠢᠮ ᠤᠨ ᠠᠩᠭᠢ ᠶᠢᠨ ᠳᠠᠭᠤᠤ ᠳᠠᠭᠤᠯᠠᠬᠤ ᠵᠡᠷᠭᠡ ᠡᠯᠪᠡᠭ ᠪᠠᠶᠠᠯᠢᠭ ᠠᠭᠤᠯᠭ᠎ᠠ ᠶᠢ ᠵᠡᠷᠭᠡᠪᠡᠷ ᠢᠯᠡᠷᠡᠭᠦᠯᠵᠦ᠂ ᠨᠠᠷᠠᠲᠤ ᠲᠡᠮᠳᠡᠭᠲᠦ ᠶᠢᠨ ᠲᠠᠨᠢᠨ ᠮᠡᠳᠡᠬᠦᠶ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠪᠣᠷᠣᠯᠠᠭᠤᠯᠤᠯᠲᠠ ᠶᠢᠨ ᠬᠡᠮᠵᠢᠶ᠎ᠡ ᠨᠢ 5 ᠲᠦᠮᠡᠨ ᠲᠥᠭᠦᠷᠢᠭ ᠢ ᠳᠠᠪᠠᠪᠠ᠃ ᠣᠷᠣᠶ ᠶᠢᠨ ᠲᠤᠰᠬᠠᠶ ᠬᠥᠭᠵᠢᠮ ᠤᠨ ᠠᠩᠭᠢ ᠶᠢᠨ ᠲᠣᠭᠯᠠᠯᠲᠠ ᠨᠢ ᠪᠦᠷᠢᠨ ᠵᠠᠭᠤᠴᠢᠯᠠᠭᠤᠷ ᠤᠨ ᠵᠢᠭᠰᠠᠭᠠᠯ ᠢᠶᠠᠷ ᠳᠠᠮᠵᠢᠨ ᠰᠢᠭᠤᠳ ᠨᠡᠪᠲᠡᠷᠡᠭᠦᠯᠭᠡ ᠬᠢᠵᠦ᠂ ᠴᠠᠭ ᠬᠤᠭᠤᠴᠠᠭ᠎ᠠ ᠪᠠ ᠣᠷᠣᠨ ᠵᠠᠶ ᠶᠢᠨ ᠵᠠᠭᠠᠭ ᠢ ᠡᠪᠳᠡᠵᠦ᠂ ︽41 ᠭᠷᠠᠳᠦ᠋ᠰ ᠤᠨ ᠭᠦᠶᠡᠩ ᠰᠢᠶᠠᠨ︾ ᠨᠠᠷᠠᠲᠤ ᠲᠡᠮᠳᠡᠭᠲᠦ ᠶᠢ ᠪᠥᠬᠦ ᠤᠯᠤᠰ ᠲᠤ ᠰᠠᠴᠤᠷᠠᠭᠤᠯᠪᠠ᠃ ᠵᠠᠰᠠᠭ ᠠᠵᠤ ᠠᠬᠤᠶᠢᠯᠠᠯ ᠬᠠᠮᠵᠢᠯᠴᠠᠨ ᠬᠦᠴᠦᠯᠡᠵᠦ᠂ ᠬᠡᠷᠡᠭᠯᠡᠭᠡᠨ ᠤ ᠲᠡᠮᠳᠡᠭᠲᠦ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠣᠨᠣᠪᠴᠢᠲᠠᠶ ᠬᠥᠭᠵᠢᠭᠡᠪᠡ     ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠲᠠᠢ ᠬᠤᠯᠪᠣᠭᠠᠯᠠᠨ ᠬᠦᠳᠡᠯᠦᠯᠴᠡᠵᠦ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠰᠢ ᠳᠠᠭᠤᠯᠠᠵᠤ᠂ ᠠᠷᠠᠳ ᠣᠯᠠᠨ ᠳᠤ ᠠᠰᠢᠭ ᠬᠦᠷᠲᠡᠭᠡᠬᠦ︾ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠡᠷᠡᠭᠯᠡᠭᠡᠨ ᠤ ᠲᠡᠮᠳᠡᠭᠲᠦ ᠶᠢ ᠨᠡᠶᠢᠲᠡ 5 ᠲᠦᠮᠡᠨ ᠲᠥᠭᠦᠷᠢᠭ ᠲᠠᠷᠬᠠᠭᠠᠵᠤ ᠂ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠣᠨᠴᠠ ᠭᠠᠷᠤᠯᠲᠠ᠂ ᠬᠡᠷ ᠤᠨ ᠴᠠᠬᠢᠯᠭᠠᠨ ᠬᠡᠷᠡᠭᠰᠡᠯ᠂ ᠴᠢᠯᠠᠭᠤᠨ ᠲᠣᠰᠣ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ ᠬᠦᠷᠢᠶ᠎ᠡ ᠶᠢ ᠬᠠᠮᠤᠷᠤᠭᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠰᠢᠶᠠᠨ ᠤ ᠬᠤᠳᠠᠯᠳᠤᠭᠠᠨ ᠤ ᠳᠡᠯᠭᠡᠭᠦᠷ ᠤᠨ ᠠᠶᠠᠨᠴᠢᠳ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 45 % ᠪᠠᠷ ᠨᠡᠮᠡᠭᠳᠡᠵᠦ᠂ ᠬᠡᠷᠡᠭᠯᠡᠭᠡᠨ ᠤ ᠲᠡᠮᠳᠡᠭᠲᠦ ᠶᠢ ᠬᠠᠷᠭᠤᠭᠤᠯᠤᠨ ᠪᠣᠷᠣᠯᠠᠭᠤᠯᠤᠭᠰᠠᠨ ᠲᠤᠭ᠎ᠠ 3. 56 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠡ ᠶᠢ 21. 41 ᠲᠦᠮᠡᠨ ᠲᠥᠭᠦᠷᠢᠭ ᠳᠠᠶᠢᠴᠢᠯᠠᠵᠤ᠂ ᠬᠡᠷᠡᠭᠯᠡᠭᠡᠨ ᠤ ᠳᠠᠶᠢᠴᠢᠯᠠᠯᠲᠠ ᠨᠢ 601 % ᠳᠤ ᠬᠦᠷᠴᠦ᠂ ᠬᠡᠷᠡᠭᠯᠡᠭᠡ ᠶᠢᠨ ᠵᠠᠬ᠎ᠠ ᠳᠡᠯᠭᠡᠭᠦᠷ ᠲᠤ ᠬᠠᠩᠭᠠᠯᠭ᠎ᠠ ᠬᠡᠷᠡᠭᠴᠡᠭᠡ ᠬᠤᠶᠠᠭᠤᠯᠠ ᠪᠠᠨ ᠰᠠᠶᠢᠨ ᠪᠠᠶᠢᠬᠤ ᠰᠠᠶᠢᠬᠠᠨ ᠪᠠᠶᠢᠳᠠᠯ ᠢᠯᠡᠷᠡᠪᠡ᠃     ᠲᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽41 ᠭᠷᠡᠳᠦ᠋ᠰ ᠤᠨ ᠭᠦᠶᠡᠩ ᠰᠢᠶᠠᠨ︾ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠲᠠᠰ ᠳᠡᠪᠰᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠠᠷᠢᠮᠵᠢᠶᠠᠵᠢᠭᠤᠯᠤᠯᠲᠠ᠂ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠬᠡᠷᠡᠭᠯᠡᠭᠡᠨ ᠤ ᠲᠠᠯᠠᠪᠤᠷ ᠭᠠᠵᠠᠷ ᠤᠨ ᠰᠢᠨ᠎ᠡ ᠶᠢ ᠡᠭᠦᠳᠴᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠵᠦ᠂ ᠭᠦᠶᠡᠩ ᠤᠨ ᠰᠠᠶᠢᠨ ᠡᠳ᠋ ᠢ ︽ᠣᠷᠣᠨ ᠨᠤᠲᠤᠭ ᠤᠨ ᠣᠨᠴᠠᠯᠢᠭ︾ ᠠᠴᠠ ︽ᠪᠥᠬᠦ ᠤᠯᠤᠰ ᠤᠨ ᠨᠠᠷᠠᠲᠤ ᠲᠡᠮᠳᠡᠭᠲᠦ︾ ᠪᠣᠯᠭᠠᠨ᠎ᠠ᠃
ᠢᠷᠡᠯᠲᠡ᠄ ᠭᠦᠶᠡᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ