ᠵᠢᠯ ᠳᠤ ᠨᠢᠭᠡ ᠤᠳᠠᠭ᠎ᠠ ᠶᠠᠪᠤᠭᠳᠠᠬᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠲᠣᠭᠲᠠᠭᠰᠠᠨ ᠬᠤᠭᠤᠴᠠᠭᠠᠨ ᠳᠤ ᠤᠷᠤᠭᠰᠢᠲᠠᠢ | ᠶᠠᠪᠤᠭᠳᠠᠵᠤ᠂ ᠰᠢᠯᠭᠠᠭᠤᠯᠤᠭᠰᠠᠳ ᠤᠨ ᠰᠢᠯᠭᠠᠯᠲᠠ ᠳᠤ ᠰᠠᠭᠠᠳ ᠥᠬᠡᠶ ᠶᠢ ᠪᠠᠲᠤᠯᠠᠬᠤ ᠶᠢᠨ ᠲᠥᠯᠥᠭᠡ᠂ ᠭᠡᠭᠡᠨ ᠭᠤᠤᠯ ᠬᠤᠲᠠ ᠶᠢᠨ ᠴᠠᠭᠳᠠᠭᠠᠨ ᠤ | ᠨᠡᠶᠢᠭᠡᠮᠯᠢᠭ ᠠᠴᠠ ᠠᠷᠠᠳ ᠤᠨ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠤᠨ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ | ᠬᠠᠮᠠᠭᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠢᠯᠭᠠᠯᠲᠠ ᠶᠢᠨ ᠴᠡᠭ ᠲᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ ᠭᠠᠷᠭᠠᠵᠤ᠂ ᠰᠢᠯᠭᠠᠭᠤᠯᠤᠭᠴᠢ ᠵᠢᠴᠢ ᠬᠡᠷ ᠤᠨ ᠠᠬᠠᠮᠠᠳ ᠲᠤ ᠪᠥᠬᠦ | ᠲᠠᠯ᠎ᠠ ᠶᠢᠨ ᠪᠠᠲᠤᠯᠠᠭ᠎ᠠ ᠬᠠᠩᠭᠠᠪᠠ᠂ ᠡᠨᠡ ᠪᠣᠯ ᠭᠡᠭᠡᠨ ᠭᠤᠤᠯ ᠬᠤᠲᠠ ᠶᠢᠨ ᠴᠠᠭᠳᠠᠭᠠᠨ ᠤ ᠨᠡᠶᠢᠭᠡᠮᠯᠢᠭ ᠤᠨ 2024 ᠣᠨ ᠤ 6 ᠰᠠᠷ᠎ᠠ ᠶᠢᠨ 28 ᠤ ᠡᠳᠦᠷ | ᠪᠠᠶᠢᠭᠤᠯᠤᠭᠳᠠᠭᠰᠠᠨ ᠠᠴᠠ ᠨᠠᠰᠢᠬᠢ ᠠᠩᠬ᠎ᠠ ᠤᠳᠠᠭ᠎ᠠ ᠮᠠᠨ ᠤ ᠬᠤᠲᠠ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠠᠲᠤᠯᠠᠭ᠎ᠠ | ᠬᠠᠩᠭᠠᠭᠰᠠᠨ ᠶᠠᠪᠤᠳᠠᠯ ᠪᠣᠯᠤᠨ᠎ᠠ᠃ | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠭᠠᠳᠠᠨ᠎ᠠ᠂ ᠭᠡᠭᠡᠨ ᠭᠤᠤᠯ ᠬᠤᠲᠠ ᠶᠢᠨ ᠴᠠᠭᠳᠠᠭᠠᠨ ᠤ ᠨᠡᠶᠢᠭᠡᠮᠯᠢᠭ ᠤᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠭᠡ ᠴᠠᠭ ᠲᠤᠬᠠᠶ ᠳᠤᠨᠢ ᠵᠠᠷᠯᠢᠭ ᠬᠦᠯᠢᠶᠡᠵᠦ᠂ | ᠭᠡᠨᠡᠳᠲᠡ ᠶᠢᠨ ᠪᠠᠶᠢᠳᠠᠯ ᠳᠤ ᠲᠤᠯᠭᠠᠷᠠᠭᠰᠠᠨ ᠰᠢᠯᠭᠠᠭᠤᠯᠤᠭᠴᠢ ᠳᠤ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠥᠳᠡᠯᠵᠦ ᠪᠠᠷᠢᠬᠤ ᠳᠤ | ᠳᠥᠭᠦᠮ ᠦᠭᠡᠢ᠂ ᠣᠷᠣᠨ ᠰᠠᠭᠤᠴᠠ ᠠᠭᠯᠠᠭ ᠪᠤᠶᠢᠳᠠ ᠪᠥᠭᠯᠡᠭᠦᠤ ᠰᠢᠯᠭᠠᠭᠤᠯᠤᠭᠴᠢ ᠳᠤ ᠰᠦᠢᠳᠭᠡᠯ ᠬᠤᠷᠢᠶᠠᠬᠤ ᠥᠬᠡᠶ ᠪᠠᠷ ᠲᠤᠰᠴᠤ ᠬᠦᠷᠭᠡᠬᠦ ᠦᠢᠯᠡᠴᠢᠯᠡᠭᠡ | ᠬᠠᠩᠭᠠᠨ᠎ᠠ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ ᠲᠤ᠂ ᠭᠡᠭᠡᠨ ᠭᠤᠣᠯ ᠬᠤᠲᠠ ᠶᠢᠨ ᠴᠠᠭᠳᠠᠭᠠᠨ ᠤ ᠨᠡᠶᠢᠭᠡᠮᠯᠢᠭ ᠠᠴᠠ ᠰᠢᠯᠭᠠᠭᠤᠯᠤᠭᠴᠢ ᠳᠤ ᠵᠠᠷᠢᠮ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠬᠠᠩᠭᠠᠵᠤ᠂ ᠵᠢᠱᠢᠶᠡᠯᠡᠪᠡᠯ᠂ ᠷᠠᠰᠢᠶᠠᠨ ᠤᠰᠤ᠂ ᠬᠠᠯᠠᠭᠤᠨ ᠠᠴᠠ ᠰᠡᠷᠭᠡᠶᠢᠯᠡᠬᠦ ᠡᠮ ᠤᠨ ᠵᠦᠢᠯ᠂ ᠪᠢᠴᠢᠭ ᠤᠨ ᠬᠡᠷᠡᠭᠰᠡᠯ | ᠢ ᠬᠠᠩᠭᠠᠵᠦ ᠲᠡᠳᠡᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠠᠪᠤᠴᠠ ᠳᠤ ᠰᠡᠳᠬᠢᠯ ᠬᠤᠪᠢᠶᠠᠭᠳᠠᠬᠤ ᠥᠬᠡᠶ ᠪᠠᠶᠢᠬᠤ ᠶᠢ ᠦᠨᠡᠨ ᠬᠦ | ᠪᠠᠲᠤᠯᠠᠨ᠎ᠠ᠂ ᠡᠭᠦᠨ ᠠᠴᠠ ᠭᠠᠳᠠᠨ᠎ᠠ ᠪᠠᠰᠠ ᠰᠢᠯᠭᠠᠭᠤᠯᠤᠭᠴᠢ ᠳᠤ ᠡᠯ᠎ᠡ ᠵᠦᠢᠯ ᠤᠨ ᠰᠢᠬᠢᠷ ᠪᠡᠯᠡᠳᠬᠡᠵᠡᠶ᠂ ᠪᠠᠴᠢᠮ ᠪᠠᠶᠢᠳᠠᠯ ᠢ ᠠᠷᠭᠠᠴᠠᠬᠤ ᠠᠴᠠ ᠭᠠᠳᠠᠨ᠎ᠠ ᠪᠠᠰᠠ | ᠰᠢᠯᠭᠠᠭᠤᠯᠤᠭᠴᠢ ᠶᠢ ᠵᠣᠷᠢᠭᠵᠢᠭᠤᠯᠬᠤ ᠨᠢᠭᠡ ᠬᠤᠪᠢ ︽ᠵᠢᠵᠢᠭ ᠢᠷᠦᠭᠡᠯ︾ ᠪᠣᠯᠤᠭᠰᠠᠨ ᠪᠠᠶᠢᠨ᠎ᠠ᠃ | ᠡᠭᠦᠨ ᠢᠶᠠᠷ ᠪᠠᠷᠠᠬᠤ ᠥᠬᠡᠶ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠠᠮᠠᠷᠬᠠᠨ ᠡᠭᠦᠰᠬᠦ ︽ᠤᠷᠢᠳᠴᠢᠯᠠᠨ ᠬᠤᠪᠢ | ᠪᠠᠶᠢᠴᠠᠭᠠᠬᠤ︾᠂ ︽ᠳᠣᠲᠣᠭᠠᠳᠤ ᠶᠢᠨ ᠣᠷᠣᠨ ᠲᠤᠭ᠎ᠠ︾ ᠵᠡᠷᠭᠡ ᠮᠡᠬᠡᠯᠡᠬᠦ ᠠᠷᠭ᠎ᠠ ᠵᠠᠮ ᠳᠤ ᠴᠢᠭᠯᠡᠭᠦᠯᠦᠨ᠂ ᠭᠡᠭᠡᠨ ᠭᠤᠤᠯ ᠬᠤᠲᠠ ᠶᠢᠨ ᠴᠠᠭᠳᠠᠭᠠᠨ ᠤ | ᠨᠡᠶᠢᠭᠡᠮᠯᠢᠭ ᠤᠨ ᠠᠷᠠᠳ ᠤᠨ ᠴᠠᠭᠳᠠᠭ᠎ᠠ ᠰᠢᠯᠭᠠᠯᠲᠠ ᠶᠢᠨ ᠲᠠᠯᠠᠪᠤᠷ ᠤᠨ ᠭᠠᠳᠠᠨ᠎ᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠬᠡᠷᠡᠭ ᠤᠨ ᠵᠢᠱᠢᠶ᠎ᠡ ᠶᠢ | ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠡᠷ ᠤᠨ ᠠᠬᠠᠮᠠᠳ ᠲᠤ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠪᠡ᠃ | | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠰᠢᠯᠭᠠᠭᠤᠯᠤᠭᠰᠠᠳ ᠢ ᠳᠡᠮᠵᠢᠬᠦ ᠶᠠᠪᠤᠳᠠᠯ ᠪᠣᠯᠬᠤ ᠪᠠᠷ ᠪᠠᠷᠠᠬᠤ ᠥᠬᠡᠶ᠂ ᠨᠠᠩ ᠴᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠲᠦᠮᠡᠨ ᠳᠤ ᠦᠢᠯᠡᠴᠢᠯᠡᠬᠦ ᠠᠮᠢᠳᠤᠯᠢᠭ ᠢᠯᠡᠷᠡᠯ ᠪᠣᠯᠤᠨ᠎ᠠ᠃ ᠢᠷᠡᠭᠡᠳᠦᠢ ᠳᠤ᠂ ᠭᠡᠭᠡᠨ ᠭᠤᠣᠯ ᠬᠤᠳᠠ ᠶᠢᠨ | ᠴᠠᠭᠳᠠᠭ᠎ᠠ ᠶᠢᠨ ᠨᠡᠶᠢᠭᠡᠮᠯᠢᠭ ᠤᠨ 300 ᠭᠠᠷᠤᠢ ᠠᠷᠠᠳ ᠤᠨ ᠲᠤᠰᠠᠯᠠᠬᠤ ᠴᠠᠭᠳᠠᠭ᠎ᠠ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠨᠡᠩ ᠤᠯᠠᠨ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠨ᠎ᠠ᠃ |