ᠵᠤᠨ ᠤ ᠤᠯᠠᠷᠢᠯ ᠳᠤ ᠲᠣᠬᠢᠷᠠᠮᠵᠢᠲᠠᠢ ᠢᠳᠡᠭᠡᠨ ᠤᠮᠳᠠᠭᠠᠨ ᠨᠤᠭᠤᠳ
ᠨᠡᠶᠢᠲᠡᠯᠡᠭᠰᠡᠨ ᠴᠠᠭ᠄
2025/6/17
    ᠵᠣᠨ ᠤ ᠤᠯᠠᠷᠢᠯ ᠳᠤ ᠬᠠᠯᠠᠭᠤᠨ ᠪᠥᠭᠡᠳ ᠴᠢᠭᠢᠭᠯᠢᠭ ᠠᠭᠤᠷ ᠠᠮᠢᠰᠬᠤᠯ ᠭᠤᠣᠯᠳᠠᠵᠤ᠂ ᠪᠡᠶ᠎ᠡ ᠳᠤ ᠦᠷᠭᠦᠯᠵᠢ ᠨᠦᠢᠷ ᠮᠠᠭᠤ᠂ ᠶᠠᠳᠠᠷᠠᠵᠤ ᠵᠦᠳᠡᠷᠡᠬᠦ ᠵᠡᠷᠭᠡ ᠡᠪ ᠦᠭᠡᠢ ᠪᠠᠶᠢᠳᠠᠯ ᠭᠠᠷᠳᠠᠭ᠂ ᠡᠲᠡᠭᠡᠷ ᠢᠯᠡᠷᠡᠯ ᠭᠠᠷᠪᠠᠯ᠂ ᠡᠮᠨᠡᠯᠭᠡ ᠳᠤ ᠣᠴᠢᠵᠤ ᠡᠮᠨᠡᠭᠦᠯᠭᠦ ᠠᠴᠠ ᠭᠠᠳᠠᠨ᠎ᠠ ᠪᠠᠰᠠ ᠡᠳᠦᠷ ᠲᠤᠲᠤᠮ ᠤᠨ ᠢᠳᠡᠭᠡᠨ ᠤᠮᠳᠠᠭᠠᠨ ᠢᠶᠠᠷ ᠲᠠᠮᠵᠢᠨ ᠲᠣᠬᠢᠷᠠᠭᠤᠯᠵᠤ ᠪᠣᠯᠣᠨ᠎ᠠ᠃ ᠳᠣᠣᠷ᠎ᠠ ᠵᠣᠨ ᠤ ᠤᠯᠠᠷᠢᠯ ᠳᠤ ᠲᠣᠬᠢᠷᠠᠭᠰᠠᠨ ᠬᠠᠯᠠᠭᠤᠨ ᠢ ᠬᠥᠭᠡᠭᠡᠬᠦ᠂ ᠬᠤᠳᠣᠭᠤᠳᠤ ᠶᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ ᠢᠳᠡᠭᠡᠨ ᠤᠮᠳᠠᠭᠠᠨ ᠢ ᠲᠠᠨᠢᠯᠴᠠᠭᠤᠯᠵᠤ ᠪᠠᠶᠢᠨ᠎ᠠ᠃     1. ᠭᠠᠰᠢᠭᠤᠨ ᠬᠡᠮᠬᠡ ᠬᠠᠯᠠᠭᠤᠨ ᠢ ᠬᠥᠭᠡᠭᠡᠨ᠎ᠡ᠃ ᠵᠤᠨ ᠬᠠᠯᠠᠭᠤᠨ ᠠᠴᠠ ᠪᠣᠯᠵᠤ ᠠᠮᠠᠷᠬᠠᠨ ᠬᠥᠮᠥᠨ ᠢ ᠪᠤᠬᠢᠨᠢᠳᠤᠭᠤᠯᠵᠤ ᠪᠠᠴᠢᠮᠳᠠᠭᠤᠯᠬᠤ᠂ ᠭᠡᠯᠡ ᠠᠮᠠ ᠳᠡᠭᠡᠷ᠎ᠡ ᠠᠮᠠᠷᠬᠠᠨ ᠶᠠᠷ᠎ᠠ ᠭᠠᠷᠬᠤ ᠨᠢ ᠳᠠᠷᠤᠢ ᠬᠥᠮᠥᠰ ᠤᠨ ᠦᠷᠭᠦᠯᠵᠢ ᠬᠡᠯᠡᠳᠡᠭ ᠬᠠᠯᠠᠭᠤᠨ ᠬᠦᠷᠬᠦ ᠶᠢ ᠵᠢᠭᠠᠵᠤ ᠪᠠᠶᠢᠨ᠎ᠠ᠃ ᠡᠪᠡᠰᠦᠨ ᠡᠮ ᠤᠨ ᠤᠬᠠᠭᠠᠨ ᠳᠤ᠄     ᠭᠠᠰᠢᠭᠤᠨ ᠬᠡᠮᠬᠡ ᠵᠢᠷᠦᠬᠡ ᠳᠡᠯᠢᠭᠦᠦ ᠬᠤᠳᠣᠭᠤᠳᠤᠨ ᠳᠤ ᠭᠤᠷᠪᠠᠨᠲᠠ ᠣᠷᠣᠪᠠᠯ ᠬᠠᠯᠠᠭᠤᠨ ᠢ ᠬᠥᠭᠡᠭᠡᠵᠦ᠂ ᠬᠡᠢ ᠶᠢ ᠰᠠᠶᠢᠵᠢᠷᠠᠭᠤᠯᠤᠨ᠂ ᠤᠮᠳᠠ ᠬᠠᠷᠢᠭᠤᠯᠳᠠᠭ ᠭᠡᠵᠡᠢ᠃ ᠰᠢᠮ᠎ᠡ ᠲᠡᠵᠢᠭᠡᠯ ᠤᠨ ᠤᠬᠠᠭᠠᠨ ᠤ ᠲᠠᠯ᠎ᠠ ᠠᠴᠠ ᠠᠪᠴᠤ ᠦᠵᠡᠪᠡᠯ᠂ ᠭᠠᠰᠢᠭᠤᠨ ᠬᠡᠮᠬᠡ ᠳᠤ ᠭᠠᠰᠢᠭᠤᠨ ᠬᠡᠮᠬᠡ ᠶᠢᠨ ᠰᠢᠭᠢᠷᠵᠢᠮᠡᠭ᠂ ᠭᠠᠰᠢᠭᠤᠨ ᠡᠳ᠋ ᠠᠭᠤᠯᠤᠭᠳᠠᠳᠠᠭ ᠠᠴᠠ ᠢᠳᠡᠭᠡᠨ ᠤ ᠳᠤᠷᠠᠰᠢᠯ ᠢ ᠨᠡᠮᠡᠭᠳᠡᠭᠦᠯᠵᠦ᠂ ᠳᠡᠯᠢᠭᠦᠦ ᠬᠤᠳᠣᠭᠤᠳᠤ ᠶᠢ ᠰᠠᠶᠢᠵᠢᠷᠠᠭᠤᠯᠤᠨ᠎ᠠ᠃ ᠭᠠᠰᠢᠭᠤᠨ ᠡᠳ᠋ ᠨᠢ ᠪᠠᠰᠠ ᠴᠢᠰᠤᠨ ᠰᠢᠬᠢᠷ ᠢ ᠪᠠᠭᠤᠷᠠᠭᠤᠯᠬᠤ ᠦᠢᠯᠡᠳᠦᠯ ᠲᠠᠢ᠂ ᠢᠯᠠᠩᠭᠤᠶ᠎ᠠ ᠰᠢᠬᠢᠷ ᠰᠢᠵᠢᠩ ᠡᠪᠡᠳᠴᠢᠲᠡᠨ ᠵᠤᠨ ᠤ ᠤᠯᠠᠷᠢᠯ ᠳᠤ ᠢᠳᠡᠪᠡᠯ ᠨᠡᠩ ᠲᠣᠬᠢᠷᠠᠨ᠎ᠠ᠃ ᠬᠤᠭᠤᠯᠠ ᠬᠢᠬᠦ ᠠᠷᠭ᠎ᠠ ᠨᠢ ᠶᠡᠭᠡ ᠬᠢᠵᠠᠭᠠᠷᠯᠠᠯ ᠦᠭᠡᠢ᠂ ᠬᠠᠭᠤᠷᠤᠯᠭ᠎ᠠ᠂ ᠬᠦᠢᠲᠡᠨ ᠵᠠᠭᠤᠰᠢ᠂ ᠱᠥᠯᠥ ᠬᠢᠵᠦ ᠪᠦᠷ ᠪᠣᠯᠣᠨ᠎ᠠ᠃ ᠭᠡᠪᠡᠴᠦ ᠭᠠᠰᠢᠭᠤᠨ ᠬᠡᠮᠬᠡ ᠬᠦᠢᠲᠡᠨ ᠴᠢᠨᠠᠷᠲᠠᠢ ᠳᠡᠯᠢᠭᠦᠦ ᠬᠤᠳᠣᠭᠤᠳᠤ ᠶᠢ ᠠᠮᠠᠷᠬᠠᠨ ᠭᠡᠮᠲᠦᠭᠡᠨ᠎ᠡ᠂ ᠣᠨᠴᠠᠭᠠᠶᠢᠯᠠᠨ ᠵᠢᠷᠮᠦᠰᠦᠨ ᠡᠮᠡᠭᠲᠡᠢ᠂ ᠬᠡᠦᠬᠡᠳ ᠵᠢᠴᠢ ᠪᠡᠶ᠎ᠡ ᠮᠠᠬᠠᠪᠤᠳ ᠨᠢ ᠠᠨᠠᠢ ᠪᠤᠶᠤ ᠬᠦᠢᠲᠡᠨ ᠠᠴᠠ ᠠᠶᠤᠬᠤ᠂ ᠳᠡᠯᠢᠭᠦᠦ ᠬᠤᠳᠣᠭᠤᠳᠤ ᠨᠢ ᠬᠦᠢᠲᠡᠨ ᠠᠴᠠ ᠠᠶᠤᠬᠤ ᠬᠥᠮᠥᠰ ᠬᠡᠲᠦᠷᠡᠲᠡᠯ᠎ᠡ ᠢᠳᠡᠵᠦ ᠪᠤᠯᠬᠤ ᠦᠭᠡᠢ᠃     2 . ᠨᠣᠭᠤᠭᠠᠨ ᠪᠤᠷᠴᠠᠭ ᠬᠤᠣᠷ ᠢ ᠲᠠᠶᠢᠯᠤᠨ᠎ᠠ᠃ ᠨᠣᠭᠤᠭᠠᠨ ᠪᠤᠷᠴᠠᠭ ᠰᠡᠷᠢᠭᠦᠨ ᠴᠢᠨᠠᠷᠲᠠᠢ ᠰᠢᠬᠢᠷᠯᠢᠭ ᠠᠮᠲᠠᠲᠠᠢ ᠪᠠᠶᠢᠵᠤ᠂ ᠬᠠᠯᠠᠭᠤᠨ ᠢ ᠬᠥᠭᠡᠭᠡᠵᠦ᠂ ᠤᠮᠳᠠᠭᠠᠰᠬᠤ ᠶᠢ ᠵᠣᠭᠰᠣᠭᠠᠨ᠎ᠠ᠂ ᠵᠣᠨ ᠤ ᠤᠯᠠᠷᠢᠯ ᠤᠨ ᠬᠠᠯᠠᠭᠤᠨ ᠢ ᠰᠡᠷᠭᠡᠶᠢᠯᠡᠬᠦ ᠣᠭᠢ ᠪᠦᠲᠦᠭᠡᠭᠳᠡᠬᠦᠨ ᠪᠣᠯᠣᠨ᠎ᠠ᠃ ᠰᠢᠮ᠎ᠡ ᠲᠡᠵᠢᠭᠡᠯ ᠤᠨ ᠤᠬᠠᠭᠠᠨ ᠤ ᠲᠠᠯ᠎ᠠ ᠠᠴᠠ ᠠᠪᠴᠤ ᠬᠡᠯᠡᠪᠡᠯ᠂ ᠨᠣᠭᠤᠭᠠᠨ ᠪᠤᠷᠴᠠᠭ ᠤᠨ ᠬᠠᠯᠢᠰᠤᠨ ᠳᠤ ᠣᠯᠠᠨᠴᠢ ᠹᠧᠨᠣᠯ ᠤᠨ ᠲᠥᠷᠥᠯ ᠤᠨ ᠪᠣᠳᠠᠰ ᠡᠯᠪᠡᠭ ᠠᠭᠤᠯᠤᠭᠳᠠᠳᠠᠭ ᠠᠴᠠ ᠬᠠᠪᠬᠠᠭᠠᠰᠤ ᠪᠠᠷ ᠪᠦᠲᠡᠭᠡᠵᠦ ᠪᠤᠴᠠᠯᠭᠠᠨ᠂ ᠬᠦᠴᠢᠯᠲᠥ᠋ᠷᠥᠭᠴᠢ ᠲᠠᠢ ᠬᠦᠷᠦᠯᠴᠡᠬᠦ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠂ ᠠᠭᠤᠰᠴᠤ ᠭᠠᠷᠤᠭᠰᠠᠨ ᠣᠯᠠᠨᠴᠢ ᠹᠧᠨᠣᠯ ᠤᠨ ᠲᠥᠷᠥᠯ ᠤᠨ ᠪᠣᠳᠠᠰ ᠬᠠᠷᠠᠬᠠᠨ ᠢᠰᠦᠯᠳᠦᠭᠡᠳᠦᠢ ᠦᠶᠡᠰ ᠬᠠᠯᠠᠭᠤᠨ ᠢ ᠠᠷᠢᠯᠭᠠᠵᠤ ᠬᠤᠣᠷ ᠲᠠᠶᠢᠯᠬᠤ ᠦᠢᠯᠡᠳᠦᠯ ᠢᠶᠠᠷ ᠬᠠᠮᠤᠭ ᠤᠨ ᠴᠢᠩᠭ᠎ᠠ ᠪᠠᠶᠢᠵᠤ᠂ ᠣᠨᠴᠠᠭᠠᠶᠢᠯᠠᠨ ᠤᠮᠳᠠᠭᠠᠰᠬᠤ᠂ ᠬᠤᠭᠤᠯᠠᠢ ᠬᠠᠪᠤᠳᠴᠤ ᠡᠪᠡᠳᠬᠦ᠂ ᠰᠢᠭᠡᠰᠦ ᠰᠢᠷᠠᠯᠠᠬᠤ ᠬᠥᠮᠥᠨ ᠳᠤ ᠣᠨᠴᠠ ᠲᠤᠰᠠᠲᠠᠢ᠃     3 . ᠼᠤᠤ ᠬᠤᠭᠤᠯᠠᠨ ᠤ ᠳᠤᠷᠠᠰᠢᠯ ᠢ ᠨᠡᠮᠡᠭᠳᠡᠭᠦᠯᠳᠡᠭ᠃ ᠣᠯᠠᠩᠬᠢ ᠬᠥᠮᠥᠰ ᠵᠤᠨ ᠪᠣᠯᠣᠭᠰᠠᠭᠠᠷ ᠢᠳᠡᠭᠡᠨ ᠤ ᠳᠤᠷᠠᠰᠢᠯ ᠦᠭᠡᠢ ᠪᠤᠯᠳᠠᠭ ᠠᠴᠠ ᠵᠤᠨ ᠤ ᠤᠯᠠᠷᠢᠯ ᠳᠤ ᠠᠮᠠᠷᠬᠠᠨ ᠰᠢᠯᠦᠰᠦ ᠬᠤᠷᠠᠵᠤ ᠭᠡᠮᠲᠦᠬᠦ᠂ ᠳᠡᠯᠢᠭᠦᠦ ᠵᠤᠵᠠᠭᠠᠷᠠᠵᠤ᠂ ᠬᠤᠳᠣᠭᠤᠳᠤ ᠳᠡᠯᠢᠭᠦᠦ ᠶᠢᠨ ᠬᠥᠳᠡᠯᠭᠡᠭᠡᠨ ᠢ ᠨᠥᠯᠥᠭᠡᠯᠡᠳᠡᠭ᠃ ᠡᠨᠡ ᠦᠶ᠎ᠡ ᠳᠤ ᠼᠤᠤ ᠵᠣᠬᠢᠬᠤ ᠬᠡᠮᠵᠢᠶ᠎ᠡ ᠪᠠᠷ ᠢᠳᠡᠵᠦ ᠪᠣᠯᠣᠨ᠎ᠠ᠃ ᠼᠤᠤ ᠡᠯᠢᠭᠡ᠂ ᠬᠤᠳᠣᠭᠤᠳᠤᠨ ᠳᠤ ᠣᠷᠣᠪᠠᠯ ᠬᠤᠳᠣᠭᠤᠳᠤ ᠶᠢ ᠰᠠᠶᠢᠵᠢᠷᠠᠭᠤᠯᠵᠤ᠂ ᠰᠢᠯᠦᠰᠦ ᠪᠠ ᠬᠤᠳᠣᠭᠤᠳᠤᠨ ᠰᠢᠩᠭᠡᠨ ᠤ ᠰᠢᠭᠦᠷᠡᠯᠲᠡ ᠶᠢ ᠠᠬᠢᠭᠤᠯᠤᠨ᠎ᠠ᠃ ᠨᠣᠭᠤᠭ᠎ᠠ ᠬᠠᠭᠤᠷᠬᠤ ᠪᠤᠶᠤ ᠬᠦᠢᠲᠡᠨ ᠵᠠᠭᠤᠰᠢ ᠬᠢᠬᠦ ᠳᠡᠭᠡᠨ ᠬᠡᠳᠦᠨ ᠳᠤᠰᠤᠯ ᠼᠤᠤ ᠪᠤᠶᠤ ᠪᠤᠳᠠᠭᠠᠨ ᠼᠤᠤ ᠳᠤᠰᠤᠭᠠᠪᠠᠯ᠂ ᠠᠮᠲᠠ ᠤᠷᠤᠭᠤᠯᠬᠤ ᠪᠠᠷ ᠪᠠᠷᠠᠬᠤ ᠦᠭᠡᠢ ᠪᠠᠰᠠ ᠰᠢᠩᠭᠡᠭᠡᠯᠲᠡ ᠶᠢ ᠰᠠᠶᠢᠵᠢᠷᠠᠭᠤᠯᠵᠤ᠂ ᠢᠳᠡᠭᠡᠨ ᠤ ᠳᠤᠷᠠᠰᠢᠯ ᠢ ᠨᠡᠮᠡᠭᠳᠡᠭᠦᠯᠦᠨ᠎ᠡ᠃ ᠶᠡᠷᠦ ᠶᠢᠨ ᠦᠶ᠎ᠡ ᠳᠡᠭᠡᠨ ᠼᠤᠤ ᠲᠠᠢ ᠳᠡᠯᠳᠡᠦ᠂ ᠯᠣᠬᠠᠱᠧᠩ ᠵᠡᠷᠭᠡ ᠬᠦᠢᠲᠡᠨ ᠵᠠᠭᠤᠰᠢ ᠢᠳᠡᠵᠦ ᠪᠣᠯᠣᠨ᠎ᠠ᠃ ᠵᠤᠨ ᠳᠠᠭᠠᠨ ᠡᠯ᠎ᠡ ᠵᠦᠢᠯ ᠤᠨ ᠮᠢᠺᠷᠣᠪ ᠠᠮᠠᠷᠬᠠᠨ ᠥᠰᠴᠦ ᠦᠷᠡᠵᠢᠳᠡᠭ ᠠᠴᠠ ᠼᠤᠤ ᠬᠦᠴᠢᠯ ᠨᠢ ᠪᠠᠰᠠ ᠪᠠᠺᠲ᠋ᠧᠷᠢ ᠶᠢ ᠬᠤᠷᠢᠭᠯᠠᠬᠤ ᠦᠢᠯᠡᠳᠦᠯ ᠲᠠᠢ᠃     4 . ᠰᠠᠷᠢᠮᠰᠠᠭ ᠪᠠᠺᠲ᠋ᠧᠷᠢ ᠠᠯᠠᠳᠠᠭ᠃ ᠵᠤᠨ ᠤ ᠬᠤᠭᠤᠯᠠᠨ ᠰᠢᠷᠡᠭᠡᠨ ᠳᠡᠭᠡᠷ᠎ᠡ ᠰᠠᠷᠢᠮᠰᠠᠭ ᠪᠣᠯ ᠲᠤᠲᠠᠭᠳᠠᠵᠤ ᠪᠣᠯᠣᠰᠢ ᠦᠭᠡᠢ ᠢᠳᠡᠭᠡᠨ᠃ ᠰᠠᠷᠢᠮᠰᠠᠭ ᠲᠤ ᠲᠡᠮᠦᠷ᠂ ᠰᠧᠯᠧᠨ ᠵᠡᠷᠭᠡ ᠪᠢᠴᠢᠯ ᠡᠯᠧᠮᠧᠨ᠋ᠲ ᠵᠢᠴᠢ ᠣᠷᠭᠠᠨᠢᠭ ᠬᠦᠬᠦᠷᠲᠦ ᠨᠢᠭᠡᠳᠪᠦᠷᠢ ᠵᠡᠷᠭᠡ ᠠᠰᠢᠭᠲᠠᠢ ᠪᠦᠷᠢᠯᠳᠦᠭᠦᠨ ᠡᠯᠪᠡᠭ ᠠᠭᠤᠯᠤᠭᠳᠠᠵᠤ᠂ ᠪᠠᠺᠲ᠋ᠧᠷᠢ ᠶᠢ ᠠᠯᠠᠵᠤ ᠪᠠᠺᠲ᠋ᠧᠷᠢ ᠶᠢ ᠬᠤᠷᠢᠭᠯᠠᠳᠠᠭ᠃ ᠢᠯᠠᠩᠭᠤᠶ᠎ᠠ ᠲᠦᠭᠦᠬᠡᠢ ᠪᠠᠷ ᠢᠳᠡᠪᠡᠯ ᠪᠠᠺᠲ᠋ᠧᠷᠢ ᠠᠯᠠᠬᠤ ᠦᠢᠯᠡᠳᠦᠯ ᠨᠢ ᠬᠠᠮᠤᠭ ᠰᠠᠶᠢᠨ᠂ ᠡᠭᠦᠨ ᠳᠤ ᠰᠠᠷᠢᠮᠰᠠᠭ ᠤᠨ ᠰᠢᠪᠲᠦᠷᠲᠦ ᠬᠦᠴᠢᠯ᠂ ᠰᠠᠷᠢᠮᠰᠠᠭ ᠤᠨ ᠢᠰᠬᠡᠭᠦᠷ ᠵᠡᠷᠭᠡ ᠠᠰᠢᠭᠲᠤ ᠪᠣᠳᠠᠰ ᠨᠢ ᠬᠠᠷᠢᠯᠴᠠᠨ ᠬᠦᠷᠦᠯᠴᠡᠵᠦ᠂ ᠡᠷᠡᠭᠦᠯᠵᠢᠯ ᠤᠨ ᠦᠢᠯᠡᠳᠦᠯ ᠲᠠᠢ ᠰᠠᠷᠢᠮᠰᠠᠭ ᠤᠨ ᠡᠳ᠋ ᠪᠣᠯᠵᠤ ᠪᠦᠷᠢᠯᠳᠦᠨ᠎ᠡ᠃ ᠪᠠᠩᠰᠢ ᠢᠳᠡᠬᠦ ᠳᠤ ᠪᠠᠭ᠎ᠠ ᠰᠠᠭ᠎ᠠ ᠰᠠᠷᠢᠮᠰᠠᠭ ᠤᠨ ᠨᠤᠬᠤᠰᠢ᠂ ᠬᠦᠢᠲᠡᠨ ᠵᠠᠭᠤᠰᠢ ᠬᠤᠯᠢᠬᠤ ᠳᠤ ᠪᠠᠭ᠎ᠠ ᠰᠠᠭ᠎ᠠ ᠰᠠᠷᠢᠮᠰᠠᠭ ᠬᠡᠷᠴᠢᠵᠦ ᠬᠢᠬᠦ᠂ ᠬᠥᠬᠡ ᠨᠣᠭᠤᠭ᠎ᠠ ᠬᠠᠭᠤᠷᠬᠤ ᠳᠤ ᠪᠠᠭ᠎ᠠ ᠰᠠᠭ᠎ᠠ ᠰᠠᠷᠢᠮᠰᠠᠭ ᠨᠡᠮᠡᠬᠦ ᠨᠢ ᠪᠦᠷ ᠡᠷᠡᠭᠦᠯ ᠮᠡᠨᠳᠦ ᠳᠤ ᠲᠤᠰᠠᠲᠠᠢ᠃     5 . ᠬᠠᠶᠢᠳᠠᠢ ᠥᠭᠡᠬᠦ ᠶᠢ ᠪᠠᠭᠤᠷᠠᠭᠤᠯᠳᠠᠭ᠃ ᠵᠣᠨ ᠤ ᠤᠯᠠᠷᠢᠯ ᠳᠤ ᠬᠥᠯᠥᠰᠦ ᠠᠷᠪᠢᠨ ᠭᠠᠷᠳᠠᠭ ᠠᠴᠠ ᠴᠢᠰᠤᠨ ᠤ ᠨᠢᠯᠴᠠᠭᠠᠢ ᠶᠢᠨ ᠬᠡᠮᠵᠢᠶ᠎ᠡ ᠥᠨᠳᠥᠷ᠂ ᠴᠢᠰᠤᠨ ᠤ ᠥᠭᠡᠬᠦ ᠥᠨᠳᠥᠷᠵᠢᠭᠰᠡᠨ ᠭᠡᠮ ᠲᠠᠢ ᠡᠪᠡᠳᠴᠢᠲᠡᠨ ᠥᠭᠡᠬᠦ ᠶᠢ ᠪᠠᠭᠤᠷᠠᠭᠤᠯᠬᠤ ᠢᠳᠡᠭᠡᠨ ᠢᠳᠡᠵᠦ ᠪᠣᠯᠣᠨ᠎ᠠ᠂ ᠬᠠᠶᠢᠳᠠᠢ ᠪᠣᠯ ᠰᠠᠶᠢᠨ ᠰᠣᠩᠭᠤᠯᠲᠠ ᠮᠥᠨ ᠂ ᠡᠭᠦᠨ ᠳᠤ ᠠᠭᠤᠯᠵᠤ ᠪᠠᠶᠢᠭ᠎ᠠ ᠬᠦᠷᠡᠩ ᠵᠠᠮᠠᠭ ᠤᠨ ᠬᠦᠴᠢᠯ ᠤᠨ ᠨᠠᠳ᠋ᠷᠢ᠂ ᠬᠠᠶᠢᠳᠠᠢ ᠶᠢᠨ ᠴᠠᠷᠳᠠᠭᠤᠯ ᠵᠡᠷᠭᠡ ᠨᠢ ᠥᠭᠡᠬᠦ ᠶᠢ ᠪᠠᠭᠤᠷᠠᠭᠤᠯᠬᠤ᠂ ᠳᠠᠷᠤᠯᠲᠠ ᠶᠢ ᠪᠠᠭᠤᠷᠠᠭᠤᠯᠬᠤ ᠦᠢᠯᠡᠳᠦᠯ ᠲᠠᠢ᠃ ᠵᠣᠨ ᠳᠠᠭᠠᠨ ᠰᠥᠨᠢ ᠶᠢᠨ ᠬᠤᠭᠤᠯᠠ ᠦᠷᠭᠦᠯᠵᠢ ᠢᠳᠡᠳᠡᠭ ᠠᠴᠠ ᠶᠡᠭᠡ ᠬᠡᠮᠵᠢᠶᠡᠨ ᠤ ᠲᠣᠰᠣᠯᠢᠭ ᠢᠳᠡᠭᠡᠨ ᠢᠳᠡᠪᠡᠯ ᠪᠠᠰᠠ ᠴᠢᠰᠤᠨ ᠤ ᠥᠭᠡᠬᠦ ᠶᠢ ᠥᠨᠳᠥᠷᠵᠢᠭᠦᠯᠳᠡᠭ᠂ ᠡᠨᠡ ᠦᠶ᠎ᠡ ᠳᠤ ᠬᠠᠶᠢᠳᠠᠢ ᠶᠢ ᠴᠢᠨᠠᠵᠤ ᠪᠤᠯᠭᠤᠬᠰᠠᠨ ᠤ ᠳᠠᠷᠠᠭ᠎ᠠ ᠬᠡᠷᠴᠢᠵᠦ᠂ ᠼᠤᠤ ᠪᠤᠶᠤ ᠪᠤᠳᠠᠭᠠᠨ ᠼᠤᠤ ᠨᠡᠮᠡᠵᠦ᠂ ᠴᠠᠭᠠᠨ ᠨᠣᠭᠤᠭ᠎ᠠ ᠶᠢᠨ ᠬᠡᠷᠴᠢᠮᠡᠯ ᠲᠠᠢ ᠬᠤᠯᠢᠵᠤ ᠢᠳᠡᠪᠡᠯ᠂ ᠠᠮᠲᠠᠲᠠᠢ ᠮᠥᠷᠲᠡᠭᠡᠨ ᠢᠳᠡᠰᠢ ᠶᠢ ᠰᠢᠩᠭᠡᠭᠡᠵᠦ ᠱᠠᠩᠳᠠᠭᠤᠷᠠᠬᠤ ᠶᠢ ᠲᠠᠶᠢᠯᠤᠨ᠎ᠠ᠃     6 . ᠨᠤᠭᠤᠰᠤᠨ ᠮᠢᠬ᠎ᠠ ᠬᠠᠮᠤᠭ ᠠᠴᠠ ᠰᠢᠮ᠎ᠡ ᠲᠡᠵᠢᠭᠡᠯ ᠨᠥᠬᠦᠳᠡᠭ᠃ ᠵᠣᠨ ᠤ ᠤᠯᠠᠷᠢᠯ ᠳᠤ ᠶᠠᠳᠠᠷᠠᠭ᠎ᠠ ᠶᠡᠬᠡᠲᠡᠢ ᠪᠣᠯᠬᠤᠷ ᠬᠠᠯᠠᠭᠤᠨ ᠢ ᠲᠠᠭᠤᠵᠤ ᠬᠠᠯᠠᠭᠤᠨ ᠢ ᠪᠠᠭᠤᠷᠠᠭᠤᠯᠬᠤ ᠶᠢᠨ ᠬᠠᠮᠲᠤ ᠪᠠᠰᠠ ᠵᠣᠬᠢᠰᠲᠠᠢ ᠨᠥᠬᠦᠪᠦᠷᠢᠯᠡᠬᠦ ᠬᠡᠷᠡᠭᠲᠡᠢ᠃ ᠨᠤᠭᠤᠰᠤ ᠨᠢ ᠤᠰᠤᠨ ᠤ ᠵᠢᠭᠦᠷᠲᠡᠨ ᠳᠤ ᠬᠠᠷᠢᠶᠠᠯᠠᠭᠳᠠᠵᠤ᠂ ᠬᠥᠮᠥᠨ ᠤ ᠵᠤᠨ ᠤ ᠤᠯᠠᠷᠢᠯ ᠳᠤ ᠪᠠᠴᠢᠮ ᠬᠡᠷᠡᠭᠰᠡᠬᠦ ᠤᠭᠤᠷᠠᠭ ᠵᠡᠷᠭᠡ ᠰᠢᠮ᠎ᠡ ᠲᠡᠵᠢᠭᠡᠯ ᠤᠨ ᠪᠦᠷᠢᠯᠳᠦᠭᠦᠨ ᠡᠯᠪᠡᠭ ᠠᠭᠤᠯᠤᠭᠳᠠᠬᠤ ᠪᠠᠷ ᠪᠠᠷᠠᠬᠤ ᠦᠭᠡᠢ ᠨᠤᠭᠤᠰᠤᠨ ᠮᠢᠬ᠎ᠠ ᠨᠢ ᠬᠠᠯᠠᠭᠤᠨ ᠪᠢᠰᠢ ᠤᠴᠢᠷ ᠠᠴᠠ᠂ ᠲᠠᠮᠢᠷᠳᠠᠬᠤ ᠶᠢ ᠨᠥᠬᠦᠪᠦᠷᠢᠯᠡᠵᠦ᠂ ᠰᠢᠭᠡᠭᠡᠯᠭᠡᠭᠦ ᠪᠠ ᠬᠠᠪᠤᠳᠠᠷ ᠢ ᠬᠠᠷᠢᠭᠤᠯᠳᠠᠭ᠃ ᠭᠡᠪᠡᠴᠦ ᠨᠤᠭᠤᠰᠤᠨ ᠤ ᠠᠷᠠᠰᠤᠨ ᠳᠣᠲᠣᠷᠠᠬᠢ ᠥᠭᠡᠬᠦᠨ ᠤ ᠠᠭᠤᠯᠤᠭᠳᠠᠴᠠ ᠨᠡᠯᠢᠶᠡᠳ ᠥᠨᠳᠥᠷ ᠪᠣᠯᠬᠤᠷ᠂ ᠢᠳᠡᠬᠦ ᠦᠶ᠎ᠡ ᠳᠡᠭᠡᠨ ᠠᠷᠠᠰᠤ ᠶᠢ ᠨᠢ ᠠᠪᠴᠤ ᠬᠠᠶᠠᠪᠠᠯ ᠰᠠᠶᠢᠨ᠃     7 . ᠲᠦᠭᠦᠬᠡᠢ ᠭᠠ ᠬᠦᠢᠲᠡᠨ ᠢ ᠲᠠᠭᠤᠨ᠎ᠠ᠃ ᠡᠪᠦᠯ ᠯᠤᠤᠪᠠᠩ ᠢᠳᠡᠵᠦ ᠵᠤᠨ ᠭᠠ ᠢᠳᠡᠳᠡᠭ ᠢ ᠬᠥᠮᠥᠰ ᠪᠦᠷ ᠮᠡᠳᠡᠳᠡᠭ᠃ ᠵᠤᠨ ᠳᠠᠭᠠᠨ ᠬᠥᠮᠥᠰ ᠬᠦᠢᠲᠡᠨ ᠠᠭᠠᠷ ᠲᠣᠬᠢᠷᠠᠭᠤᠯᠤᠭᠴᠢ ᠦᠯᠢᠶᠡᠵᠦ᠂ ᠬᠦᠢᠲᠡᠨ ᠤᠮᠳᠠᠭᠠᠨ ᠤᠤᠭᠤᠵᠤ᠂ ᠠᠮᠠᠷᠬᠠᠨ ᠰᠠᠯᠬᠢ ᠠᠪᠤᠨ᠎ᠠ᠂ ᠬᠦᠢᠲᠡᠨ ᠬᠠᠯᠠᠭᠤᠨ ᠰᠣᠯᠪᠢᠴᠠᠪᠠᠯ ᠵᠢᠩᠭᠢᠨᠡᠵᠦ᠂ ᠬᠥᠯ ᠨᠢᠷᠤᠭᠤ ᠱᠠᠷᠬᠢᠷᠠᠵᠤ ᠡᠪᠡᠳᠦᠨ᠎ᠡ᠃ ᠲᠦᠭᠦᠬᠡᠢ ᠭᠠ ᠬᠦᠢᠲᠡᠨ ᠢ ᠠᠷᠢᠯᠭᠠᠵᠤ᠂ ᠠᠭᠤᠰᠬᠢ ᠶᠢ ᠪᠦᠯᠢᠶᠡᠯᠡᠵᠦ ᠬᠠᠨᠢᠶᠠᠯᠭᠠᠬᠤ ᠶᠢ ᠵᠣᠭᠰᠣᠭᠠᠨ᠎ᠠ᠃ ᠲᠦᠭᠦᠬᠡᠢ ᠭᠠ ᠶᠢᠨ ᠳᠣᠲᠣᠷᠠᠬᠢ ᠭᠤᠱᠤᠭᠤᠨ ᠡᠳ᠋ ᠨᠢ ᠬᠤᠳᠣᠭᠤᠳᠤᠨ ᠰᠢᠩᠭᠡᠨ ᠤ ᠰᠢᠭᠦᠷᠡᠯᠲᠡ ᠶᠢ ᠠᠬᠢᠭᠤᠯᠵᠤ᠂ ᠰᠢᠩᠭᠡᠭᠡᠯᠲᠡ ᠶᠢ ᠠᠬᠢᠭᠤᠯᠤᠨ᠂ ᠢᠳᠡᠭᠡᠨ ᠤ ᠳᠤᠷᠠᠰᠢᠯ ᠢ ᠨᠡᠮᠡᠭᠳᠡᠭᠦᠯᠦᠨ᠎ᠡ᠃ ᠥᠷᠯᠥᠭᠡ ᠬᠤᠳᠣᠭᠤᠳᠤᠨ ᠳᠣᠲᠣᠷᠠᠬᠢ ᠬᠡᠢ ᠳᠡᠭᠡᠭᠰᠢᠯᠡᠬᠦ ᠴᠢᠬᠤᠯᠠᠲᠠᠢ᠂ ᠡᠨᠡ ᠦᠶ᠎ᠡ ᠳᠤ ᠭᠠ ᠢᠳᠡᠪᠡᠯ ᠬᠤᠳᠣᠭᠤᠳᠤ ᠳᠡᠯᠢᠭᠦᠦ ᠶᠢ ᠴᠢᠭᠢᠷᠠᠭᠵᠢᠭᠤᠯᠤᠨ᠎ᠠ᠃ ᠲᠦᠭᠦᠬᠡᠢ ᠭᠠ ᠴᠢᠪᠠᠭ᠎ᠠ ᠴᠢᠨᠠᠵᠤ ᠤᠤᠭᠤᠬᠤ ᠪᠤᠶᠤ ᠥᠷᠯᠥᠭᠡ ᠪᠣᠰᠣᠭᠠᠳ ᠭᠠ ᠶᠢᠨ ᠬᠡᠷᠴᠢᠮᠡᠯ ᠬᠢᠵᠦ ᠤᠤᠭᠤᠵᠤ ᠪᠣᠯᠣᠨ᠎ᠠ᠃     ᠬᠠᠮᠤᠭ ᠤᠨ ᠰᠡᠭᠦᠯ ᠳᠤ᠂ ᠵᠣᠨ ᠤ ᠤᠯᠠᠷᠢᠯ ᠳᠤ ᠡᠪᠡᠳᠴᠢᠨ ᠠᠮᠠ ᠪᠠᠷ ᠣᠷᠣᠬᠤ ᠠᠴᠠ ᠵᠠᠶᠢᠯᠠᠰᠬᠢᠵᠦ᠂ ᠢᠳᠡᠭᠡᠨ ᠤᠮᠳᠠᠭᠠᠨ ᠤ ᠲᠠᠯ᠎ᠠ ᠪᠠᠷ ᠬᠥᠩᠭᠡᠨ ᠰᠢᠩᠭᠡᠨ᠂ ᠬᠡᠮᠵᠢᠶ᠎ᠡ ᠲᠠᠢ ᠢᠳᠡᠵᠦ᠂ ᠤᠰᠤ ᠨᠥᠬᠦᠬᠦ ᠶᠢ ᠠᠩᠬᠠᠷᠬᠤ ᠬᠡᠷᠡᠭᠲᠡᠢ᠂ ᠬᠦᠢᠲᠡᠨ ᠢᠳᠡᠭᠡᠨ ᠤᠮᠳᠠᠭᠠᠨ ᠳᠤᠷ᠎ᠠ ᠪᠠᠷ ᠡᠳ᠋ᠯᠡᠵᠦ ᠳᠡᠯᠢᠭᠦᠦ ᠬᠤᠳᠣᠭᠤᠳᠤ ᠪᠠᠨ ᠭᠡᠮᠲᠦᠭᠡᠬᠦ ᠠᠴᠠ ᠰᠡᠷᠭᠡᠶᠢᠯᠡᠬᠦ ᠶᠢ ᠰᠠᠨᠠᠭᠤᠯᠵᠤ ᠪᠠᠶᠢᠨ᠎ᠠ᠃     ︵︽ᠠᠷᠠᠳ ᠤᠨ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ