ᠭᠡᠭᠡᠨ ᠭᠤᠣᠯ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/18
   5 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠦᠨ ᠯᠸᠢ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠪᠦᠬᠦ ᠬᠤᠳᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠪᠠ ᠲᠤᠰ ᠱᠠᠲᠤᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠦᠨᠵᠡᠭᠡᠢ ᠲᠤᠩᠭᠠᠨ ᠪᠣᠳᠣᠯᠬᠢᠯᠠᠵᠤ᠂ ᠪᠠᠷᠢᠮᠵᠢᠶ᠎ᠠ ᠲᠠᠢ ᠬᠠᠷᠢᠴᠠᠭᠤᠯᠤᠨ ᠵᠦᠷᠢᠶ᠎ᠡ ᠶᠢ ᠨᠥᠬᠦᠪᠥᠷᠢᠯᠡᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠬᠡᠪ ᠳᠠᠭᠤᠷᠢᠶᠠᠯ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ ᠵᠢᠯᠣᠭᠤᠳᠤᠨ ᠱᠠᠯᠠᠪᠳᠠᠭᠤᠯᠵᠤ  ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠤᠬᠠᠮᠰᠠᠷ ᠠᠴᠠ ᠪᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠦᠨᠵᠡᠭᠡᠢ ᠠᠳᠬᠤᠵᠤ ᠪᠣᠳᠠᠲᠠᠢ ᠠᠳᠬᠤᠬᠤ ᠶᠢ ᠪᠠᠲᠤᠯᠠᠬᠤ ᠬᠡᠷᠡᠭᠲᠡᠢ᠃ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠣᠯᠤᠨ ᠬᠦᠷᠢᠶᠡᠨ ᠤ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ 4 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠡᠷᠭᠡ 12 ᠵᠦᠢᠯ ᠤᠨ ᠪᠢᠴᠢᠭ ᠤᠨ ᠰᠤᠷᠤᠯᠴᠠᠯᠭ᠎ᠠ ᠶᠢᠨ ᠠᠭᠤᠯᠭ᠎ᠠ ᠶᠢ ᠲᠣᠬᠢᠷᠠᠭᠤᠯᠪᠠ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ