5 ᠰᠠᠷ᠎ᠠ ᠶᠢᠨ 26 - 27 ᠤ ᠡᠳᠦᠷ᠃ ᠮᠠᠨ ᠤ ᠬᠤᠲᠠ 2025 ᠣᠨ ᠤ ᠪᠦᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ | ᠵᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠣᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠸᠧᠶ ᡁᠢ ᠶᠦᠩ ᠢ ᠤᠷᠢᠵᠤ ᠲᠤᠰᠬᠠᠶ | ᠰᠡᠳᠦᠪᠲᠦ ᠪᠣᠯᠪᠠᠰᠤᠷᠠᠯ ᠬᠢᠵᠦ᠂ ᠬᠤᠶᠠᠷ ᠡᠳᠦᠷ ᠶᠠᠪᠤᠭᠳᠠᠪᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠤᠶᠤ ᠤᠬᠠᠭᠤᠯᠬᠤ ᠭᠡᠰᠢᠭᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ᠂ ᠦᠷᠳᠡᠭᠡ ᠶᠢᠨ ᠠᠵᠢᠯ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠠᠩᠭᠢ ᠳᠤ᠂ ᠸᠧᠶ ᡁᠢ ᠶᠦᠩ ᠫᠷᠤᠹᠧᠰᠰᠤᠷ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠨᠠᠷᠠᠲᠤ ᠲᠥᠷᠥᠯ | ᠲᠡᠮᠳᠡᠭᠲᠦ ᠶᠢᠨ ᠲᠥᠷᠥᠯ ᠵᠦᠢᠯ ᠢ ᠲᠥᠰᠦᠪᠯᠡᠬᠦ ᠪᠠ ᠪᠣᠶ ᠪᠣᠯᠭᠠᠬᠤ︾ ᠪᠠᠷ ᠰᠡᠳᠦᠪ ᠪᠣᠯᠭᠠᠵᠤ᠂ ᠭᠡᠭᠡᠨ ᠭᠤᠤᠯ ᠬᠤᠲᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ᠂ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠤᠯᠳᠠᠯᠭ᠎ᠠ᠂ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠵᠡᠷᠭᠡ ᠲᠠᠯ᠎ᠠ ᠪᠠᠷ ᠰᠠᠨᠠᠭᠤᠯᠭ᠎ᠠ ᠳᠤᠷᠠᠳᠪᠠ᠃ | ᠳᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠭᠡᠨ ᠭᠤᠣᠯ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ | ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠪᠣᠯᠪᠠᠰᠤᠨ ᠤ ᠦᠢᠯᠡᠳᠦᠯᠭᠡ ᠪᠣᠯᠤᠨ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ | ᠣᠷᠭᠠᠨᠢᠭ ᠢᠶᠠᠷ ᠠᠭᠤᠰᠤᠯᠴᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠰᠡᠳᠬᠢᠴᠡ᠂ ᠰᠢᠨ᠎ᠡ ᠬᠠᠷᠠᠭᠠᠰᠤ᠂ ᠰᠢᠨ᠎ᠡ ᠳᠦᠷᠰᠦ ᠪᠠᠶᠢᠳᠠᠯ ᠢᠶᠠᠷ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠰᠡᠳᠬᠢᠨ ᠰᠦᠪᠡᠭᠴᠢᠯᠡᠵᠦ᠂ ᠨᠡᠩ ᠲᠡᠭᠦᠯᠳᠡᠷ ᠡᠷᠴᠢ ᠵᠣᠷᠢᠭ ᠢᠶᠠᠷ ᠡᠨᠡ ᠵᠢᠯ ᠤᠨ ᠡᠯ᠎ᠡ ᠵᠦᠢᠯ ᠤᠨ | ᠠᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠮᠠᠨ ᠤ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ |