ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠤ ᠵᠣᠣ ᠯᠧ ᠵᠢᠢ ᠬᠤᠷᠠᠯ ᠢ ᠡᠷᠭᠢᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 13 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 13 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠴᠧᠨ ᠶᠦᠨ ᠨᠥᠬᠦᠷ ᠤᠨ ᠮᠡᠨᠳᠦᠯᠡᠭᠰᠡᠨ 120 | ᠵᠢᠯ ᠤᠨ ᠣᠶ ᠶᠢ ᠳᠤᠷᠠᠰᠬᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠴᠧᠨ ᠶᠦᠨ ᠨᠥᠬᠦᠷ ᠤᠨ ᠨᠢᠭᠡ ᠨᠠᠰᠤ ᠪᠣᠯ | ᠠᠭᠤᠤ ᠶᠡᠭᠡ᠂ ᠢᠷᠠᠭᠤ ᠠᠯᠳᠠᠷᠲᠠᠢ ᠨᠢᠭᠡ ᠨᠠᠰᠤ ᠮᠥᠨ᠂ ᠲᠡᠭᠦᠨ ᠤ ᠪᠤᠢ ᠪᠤᠯᠭᠠᠬᠰᠠᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ᠂ ᠡᠭᠦᠳᠦᠨ | ᠪᠦᠲᠦᠭᠡᠭᠰᠡᠨ ᠡᠯᠪᠡᠭ ᠪᠠᠶᠠᠯᠢᠭ ᠤᠳᠤᠷᠢᠳᠬᠤ ᠲᠤᠷᠰᠢᠯᠭ᠎ᠠ᠂ ᠳ᠋ᠦᠩᠨᠡᠭᠰᠡᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯᠯᠠᠬᠤ ᠠᠷᠭ᠎ᠠ ᠪᠣᠯ | ᠥᠨᠢ ᠡᠭᠦᠷᠢᠳᠡ ᠮᠠᠨ ᠤ ᠡᠷᠬᠢᠮ ᠨᠠᠨᠳᠢᠨ ᠥᠪ ᠬᠥᠷᠥᠩᠭᠡ ᠮᠥᠨ᠃ ᠪᠢᠳᠡ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠪᠠᠳᠠᠷᠠᠭᠤᠯᠤᠨ ᠳᠡᠯᠭᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | | 6 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠶᠢᠨ ᠫᠢᠩ᠂ ᠯᠢ ᠴᠢᠶᠠᠩ᠂ ᠵᠤᠤ ᠯᠧ | ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ | ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠶᠠᠷᠢᠯᠴᠠᠬᠤ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ ᠴᠧᠨ ᠶᠦᠨ ᠨᠥᠬᠦᠷ ᠤᠨ ᠭᠡᠷᠡᠯ ᠰᠠᠴᠤᠷᠠᠩᠭᠤᠢ ᠨᠢᠭᠡ ᠨᠠᠰᠤ ᠶᠢ ᠡᠷᠭᠢᠴᠡᠭᠦᠯᠪᠡ᠂ ᠲᠡᠭᠦᠨ ᠤ ᠮᠠᠨ ᠤ ᠤᠯᠤᠰ ᠤᠨ ᠬᠤᠪᠢᠰᠬᠠᠯ | ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠲᠥᠯᠥᠭᠡ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠳ᠋ᠦᠩᠨᠡᠵᠦ᠂ ᠴᠧᠨ ᠶᠦᠨ ᠨᠥᠬᠦᠷ ᠪᠣᠯ | ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠰᠢᠯᠭᠠᠷᠠᠭᠰᠠᠨ ᠮᠠᠷᠺᠰ ᠤᠨ ᠦᠵᠡᠯᠲᠡᠨ ᠮᠥᠨ᠂ ᠳᠤᠮᠳᠠᠳᠤ ᠤᠯᠤᠰ ᠤᠨ ᠨᠡᠶᠢᠭᠡᠮ | ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠳᠦᠭᠴᠢ ᠪᠠ ᠰᠠᠭᠤᠷᠢ ᠲᠠᠯᠪᠢᠭᠴᠢ ᠶᠢᠨ ᠨᠢᠭᠡ ᠮᠥᠨ᠂ ᠨᠠᠮ ᠪᠠ ᠲᠦᠷᠦ ᠶᠢᠨ ᠤᠷᠲᠤ | ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠭᠠᠷᠮᠠᠭᠠᠢ ᠤᠳᠤᠷᠢᠳᠬᠤ ᠬᠥᠮᠥᠨ᠂ ᠮᠠᠤ ᠽᠧ ᠳ᠋ᠦᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠨᠢᠭᠡᠳᠦᠭᠡᠷ | ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠪᠠ ᠳ᠋ᠧᠩ ᠰᠢᠶᠣᠣ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠬᠤᠶᠠᠳᠤᠭᠠᠷ ᠦᠶ᠎ᠡ ᠶᠢᠨ ᠲᠥᠪ | ᠬᠤᠷᠢᠶ᠎ᠠ ᠶᠢᠨ ᠤᠳᠤᠷᠢᠳᠬᠤ ᠬᠠᠮᠲᠤ ᠶᠢᠨ ᠴᠢᠬᠤᠯᠠ ᠪᠦᠷᠢᠯᠳᠦᠭᠦᠨ ᠮᠥᠨ᠂ ᠨᠠᠮ ᠪᠠ ᠠᠷᠠᠳ ᠲᠦᠮᠡᠨ ᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠬᠤᠪᠢ | ᠨᠡᠮᠡᠷᠢ ᠦᠵᠡᠭᠦᠯᠪᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠴᠧᠨ ᠶᠦᠨ ᠨᠥᠬᠦᠷ ᠤᠷᠳᠤ ᠬᠤᠭᠤᠴᠠᠭᠠᠨ ᠤ ᠬᠤᠪᠢᠰᠬᠠᠯ ᠤᠨ ᠠᠮᠢᠳᠤᠷᠠᠯ ᠳᠤᠮᠳᠠ ᠪᠠᠨ ᠪᠠᠲᠤ ᠴᠢᠩᠭ᠎ᠠ ᠬᠦᠰᠡᠯᠡᠩ ᠢᠲᠡᠭᠡᠯ ᠪᠢᠰᠢᠷᠡᠯ᠂ | ᠪᠠᠲᠤ ᠴᠢᠩᠭ᠎ᠠ ᠨᠠᠮᠴᠢ ᠴᠢᠨᠠᠷ ᠤᠨ ᠵᠠᠷᠴᠢᠮ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠰᠤᠷᠲᠠᠯ᠂ ᠪᠣᠷᠣᠭᠵᠢᠭᠤᠨ ᠠᠯᠪᠠᠨ ᠵᠠᠷᠤᠴᠠ ᠶᠢᠨ ᠰᠡᠳᠬᠢᠯᠭᠡ᠂ | ᠰᠢᠷᠭᠠᠭᠤ ᠰᠤᠷᠤᠯᠴᠠᠬᠤ ᠵᠣᠷᠢᠭ ᠰᠠᠨᠠᠭ᠎ᠠ ᠶᠢ ᠪᠤᠢ ᠪᠤᠯᠭᠠᠵᠤ ᠪᠠᠷᠢᠮᠲᠠᠯᠠᠭᠰᠠᠨ ᠨᠢ ᠡᠪ ᠬᠠᠮᠲᠤᠴᠤᠳ ᠤᠨ ᠡᠷᠬᠢᠮ ᠳᠡᠭᠡᠳᠦ ᠵᠠᠩ ᠴᠢᠨᠠᠷ ᠢ ᠢᠯᠡᠷᠡᠭᠦᠯᠵᠦ ᠪᠠᠶᠢᠨ᠎ᠠ᠃ | ᠪᠢᠳᠡ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ ᠢ ᠰᠤᠷᠤᠯᠴᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠵᠠᠪᠠᠯ | ᠢᠯᠠᠬᠤ ᠢᠲᠡᠭᠡᠯ ᠵᠣᠷᠢᠭ ᠢ ᠪᠤᠢ ᠪᠤᠯᠭᠠᠵᠤ᠂ ᠤᠷᠪᠠᠭᠠᠨ ᠬᠥᠷᠪᠡᠭᠡᠨ ᠲᠠᠢ᠂ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠤᠨ ᠡᠮᠦᠨ᠎ᠡ ᠤᠯᠤᠰ ᠲᠦᠷᠦ ᠶᠢᠨ ᠲᠣᠭᠲᠠᠯ | ᠬᠦᠴᠦᠨ ᠢᠶᠠᠨ ᠪᠠᠲᠤᠯᠠᠬᠤ ᠬᠡᠷᠡᠭᠲᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠲᠦᠮᠡᠨ ᠳᠤ | ᠴᠢᠩᠭ᠎ᠠ ᠲᠦᠰᠢᠭᠯᠡᠨ ᠲᠡᠦᠬᠡ ᠶᠢᠨ ᠠᠭᠤᠤ ᠦᠢᠯᠡᠰ ᠢ ᠴᠣᠭᠴᠠᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠰᠤᠷᠲᠠᠯ ᠢᠶᠠᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠷᠠᠳ ᠣᠯᠠᠨ ᠤ ᠳᠡᠮᠵᠢᠯᠭᠡ ᠪᠠ ᠬᠦᠷᠢᠶᠡᠯᠡᠯ ᠢ ᠣᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠧᠨ ᠶᠦᠨ ᠨᠥᠬᠦᠷ ᠶᠠᠮᠠᠷ ᠬᠦᠷᠢᠶ᠎ᠡ ᠶᠢ ᠬᠠᠷᠢᠭᠤᠴᠠᠭᠰᠠᠨ ᠴᠤ ᠲᠡᠷᠡ᠂ ᠠᠯᠢ ᠤᠳᠤᠷᠢᠳᠬᠤ ᠪᠠᠶᠢᠷᠢᠨ ᠳᠤ ᠠᠵᠢᠯᠯᠠᠭᠰᠠᠨ ᠴᠤ ᠲᠡᠷᠡ᠂ | ᠴᠥᠮ ᠰᠢᠷᠭᠠᠭᠤ ᠰᠤᠷᠤᠯᠴᠠᠵᠤ᠂ ᠭᠦᠨᠵᠡᠭᠡᠢ ᠰᠤᠳᠤᠯᠵᠤ᠂ ᠵᠢᠮ᠎ᠡ ᠶᠣᠰᠣ ᠶᠢ ᠰᠦᠪᠡᠭᠴᠢᠯᠡᠵᠦ᠂ ᠭᠤᠣᠯᠳᠠᠯᠭ᠎ᠠ ᠶᠢ ᠠᠳᠬᠤᠵᠤ᠂ ᠭᠠᠷᠮᠠᠭᠠᠢ ᠤᠳᠤᠷᠢᠳᠬᠤ | ᠴᠢᠳᠠᠪᠤᠷᠢ ᠪᠠᠨ ᠢᠯᠡᠷᠡᠭᠦᠯᠵᠦ᠂ ᠤᠳᠤ ᠪᠤᠯᠲᠠᠯ᠎ᠠ ᠴᠢᠬᠤᠯᠠ ᠠᠴᠢ ᠬᠤᠯᠪᠣᠭᠳᠠᠯ ᠪᠦᠬᠦᠢ ᠮᠠᠰᠢ ᠤᠯᠠᠨ ᠤᠳᠤᠷᠢᠳᠬᠤ ᠲᠤᠷᠰᠢᠯᠭ᠎ᠠ ᠶᠢ ᠡᠭᠦᠳᠦᠭᠰᠡᠨ ᠶᠤᠮ᠃ ᠪᠢᠳᠡ | ᠴᠧᠨ ᠶᠦᠨ ᠨᠥᠬᠦᠷ ᠤᠨ ᠪᠠᠶᠠᠯᠢᠭ ᠤᠳᠤᠷᠢᠳᠬᠤ ᠲᠤᠷᠰᠢᠯᠭ᠎ᠠ ᠶᠢ ᠰᠤᠷᠤᠯᠴᠠᠵᠤ᠂ ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠴᠢᠳᠠᠪᠤᠷᠢ | ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ | ᠦᠭᠡᠢ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠤᠯᠠᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ | ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠪᠣᠯ ᠴᠧᠨ ᠶᠦᠨ ᠨᠥᠬᠦᠷ ᠤᠨ ᠢᠯᠡ ᠲᠣᠳᠣ ᠣᠨᠴᠠᠯᠢᠭ ᠪᠣᠯᠣᠨ᠎ᠠ᠃ ᠲᠡᠷᠡ ︽ᠳᠡᠭᠡᠳᠦ | ᠱᠠᠲᠤᠨ ᠤ ᠬᠢ ᠦᠬᠦᠮᠡᠯ ᠢᠶᠠᠷ ᠦᠯᠦ ᠳᠠᠭᠠᠵᠤ᠂ ᠨᠣᠮᠯᠠᠯ ᠢ ᠦᠬᠦᠮᠡᠯ ᠢᠶᠠᠷ ᠦᠯᠦ ᠳᠠᠭᠠᠵᠤ᠂ ᠵᠦᠪᠭᠡᠨ ᠪᠣᠳᠠᠲᠠᠢ ᠶᠢ ᠡᠷᠬᠢᠮᠯᠡᠵᠦ᠂ ᠰᠠᠨᠠᠯ ᠢᠶᠠᠨ ᠰᠣᠯᠢᠯᠴᠠᠨ᠂ | ᠬᠠᠷᠢᠴᠠᠭᠤᠯᠵᠤ᠂ ᠲᠠᠭᠢᠨ ᠳᠠᠪᠲᠠᠬᠤ︾ ᠭᠡᠬᠦ ᠪᠣᠳᠠᠰᠴᠢ ᠬᠤᠪᠢᠰᠤᠩᠭᠤᠢ ᠠᠷᠭ᠎ᠠ ᠪᠠᠷ ᠳᠦᠭᠦᠷᠦᠭᠰᠡᠨ ︽ᠠᠷᠪᠠᠨ ᠲᠠᠪᠤᠨ ᠦᠭᠡ ᠶᠢᠨ ᠲᠣᠮᠢᠶ᠎ᠠ︾ ᠶᠢ | ᠪᠣᠯᠪᠠᠰᠤᠷᠠᠭᠤᠯᠤᠨ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠪᠠᠶᠢᠴᠠᠭᠠᠨ | ᠰᠤᠳᠤᠯᠤᠯᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠤᠷᠢᠲᠠᠯ ᠪᠣᠯᠭᠠᠪᠠ᠃ ᠪᠢᠳᠡ ᠴᠧᠨ ᠶᠦᠨ ᠨᠥᠬᠦᠷ ᠤᠨ ᠰᠢᠨᠵᠢᠯᠡᠬᠦ ᠤᠬᠠᠭᠠᠨᠴᠢ ᠦᠵᠡᠯ | ᠰᠠᠨᠠᠭᠠᠨ ᠤ ᠠᠷᠭ᠎ᠠ ᠪᠣᠯᠣᠨ ᠠᠵᠢᠯ ᠤᠨ ᠠᠷᠭ᠎ᠠ ᠶᠢ ᠰᠤᠷᠤᠯᠴᠠᠵᠤ᠂ ᠨᠠᠮ ᠤᠨ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠲᠡᠭᠦᠨ ᠳᠤ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠪᠠᠶᠢᠳᠠᠯ ᠢ ᠵᠥᠪ ᠢᠶᠠᠷ ᠮᠠᠭᠠᠳᠯᠠᠵᠤ᠂ | ᠢᠷᠡᠭᠡᠳᠦᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠢᠯ ᠤᠨ ᠰᠢᠰᠲ᠋ᠧᠮᠲᠦ ᠴᠢᠨᠠᠷ᠂ ᠵᠢᠱᠢᠯᠲᠡ ᠶᠢᠨ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠲᠠ | ᠦᠭᠡᠢ ᠴᠢᠩᠭᠠᠳᠬᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ | ᠰᠢᠨ᠎ᠡ ᠪᠠᠶᠢᠳᠠᠯ ᠰᠢᠨ᠎ᠡ ᠠᠰᠠᠭᠤᠳᠠᠯ ᠰᠢᠨ᠎ᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ ᠤ ᠬᠡᠷᠡᠭᠴᠡᠭᠡ᠂ ᠤᠯᠠᠨ ᠲᠦᠮᠡᠨ ᠤ ᠬᠦᠰᠡᠯ | ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠨᠡᠩ ᠪᠣᠳᠠᠲᠠᠢ ᠳᠤ ᠨᠡᠶᠢᠴᠡᠭᠦᠯᠵᠦ᠂ ᠠᠷᠠᠳ ᠤᠯᠠᠨ ᠤ ᠬᠦᠰᠡᠯ | ᠡᠷᠡᠮᠡᠯᠵᠡᠯ ᠳᠤ ᠨᠡᠶᠢᠴᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠴᠧᠨ ᠶᠦᠨ ᠨᠥᠬᠦᠷ ᠤᠨ ᠠᠭᠤᠤ ᠶᠡᠭᠡ | ᠂ ᠢᠷᠠᠭᠤ ᠠᠯᠳᠠᠷᠲᠠᠢ ᠨᠢᠭᠡ ᠨᠠᠰᠤ ᠶᠢ ᠭᠦᠨ ᠰᠡᠳᠬᠢᠯᠭᠡ ᠲᠠᠢ ᠡᠷᠭᠢᠴᠡᠭᠦᠯᠵᠦ᠂ ᠴᠧᠨ ᠶᠦᠨ ᠨᠥᠬᠦᠷ ᠤᠨ ᠨᠠᠮ ᠪᠣᠯᠣᠨ ᠠᠷᠠᠳ ᠲᠦᠮᠡᠨ ᠤ ᠦᠢᠯᠡᠰ ᠤᠨ ᠲᠥᠯᠥᠭᠡ | ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠪᠦᠭᠦ ᠨᠠᠮ ᠢᠶᠠᠷ ᠢᠶᠠᠨ ᠴᠧᠨ ᠶᠦᠨ ᠨᠥᠬᠦᠷ ᠤᠨ ᠡᠷᠬᠢᠮ ᠳᠡᠭᠡᠳᠦ | ᠵᠣᠷᠢᠭ ᠰᠠᠨᠠᠭᠠᠨ ᠤ ᠬᠡᠪ ᠰᠤᠷᠲᠠᠯ ᠢ ᠰᠤᠷᠤᠯᠴᠠᠵᠤ᠂ ᠤᠳᠤᠷᠢᠳᠬᠤ ᠲᠤᠷᠰᠢᠯᠭ᠎ᠠ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯᠯᠠᠬᠤ | ᠠᠷᠭ᠎ᠠ ᠪᠠᠨ ᠪᠠᠶᠠᠯᠢᠭᠵᠢᠭᠤᠯᠬᠤ ᠬᠡᠷᠡᠭᠲᠡᠢ ᠭᠡᠵᠦ ᠤᠷᠢᠶᠠᠯᠠᠪᠠ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠨᠠᠷᠢᠨ ᠨᠢᠭᠲᠠ ᠭᠦᠨ ᠭᠦᠨᠵᠡᠭᠡᠢ᠂ | ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠬᠤ᠂ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠵᠢᠯᠣᠭᠤᠳᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠵᠡᠭᠡᠶ᠎ᠡ ᠭᠡᠵᠦ ᠬᠡᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᡁᠢ ᠵᠢᠶᠦ᠋ᠨ᠂ ᠱᠠᠩᠬᠠᠢ ᠬᠤᠲᠠ ᠶᠢᠨ ᠳᠠᠷᠤᠭ᠎ᠠ ᠭᠦᠩ ᠵᠧᠩ ᠤᠷᠢᠳ ᠬᠤᠵᠢᠳ ᠦᠭᠡ | ᠬᠡᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ ᠱᠠᠩᠬᠠᠢ ᠬᠤᠳᠠ ᠶᠢᠨ ᠬᠠᠷᠢᠭᠤᠴᠠᠯᠭᠠᠲᠠᠨ | ᠨᠥᠬᠦᠳ᠂ ᠴᠧᠨ ᠶᠦᠨ ᠨᠥᠬᠦᠷ ᠤᠨ ᠲᠦᠷᠦᠯ ᠰᠠᠳᠤᠨ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠶᠠᠷᠢᠯᠴᠠᠬᠤ | ᠬᠤᠷᠠᠯ ᠳᠤ ᠣᠷᠣᠯᠴᠠᠵᠠᠢ᠃ |