ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 15 ᠤ ᠴᠠᠭᠢᠯᠭᠠᠨ ᠮᠡᠳᠡᠭᠡ 6 ᠰᠠᠷ᠎ᠠ ᠶᠢᠨ 16 ᠤ ᠡᠳᠦᠷ ᠬᠡᠪᠯᠡᠭᠳᠡᠭᠰᠡᠨ 12 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ | ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠠᠷᠭ᠎ᠠ ᠭᠡᠯᠪᠡᠷᠢ ᠮᠥᠨ︾ ᠭᠡᠬᠦ ᠴᠢᠬᠤᠯᠠ | ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2015 ᠣᠨ ᠤ 10 ᠰᠠᠷ᠎ᠠ ᠠᠴᠠ 2025 ᠣᠨ ᠤ 4 ᠰᠠᠷ᠎ᠠ ᠪᠤᠯᠲᠠᠯᠠᠭᠢ | ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃ | ᠵᠣᠬᠢᠶᠠᠯ ᠳᠤ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ | ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠲᠤᠷᠰᠢᠯᠭ᠎ᠠ ᠮᠥᠨ᠂ ᠪᠠᠰᠠ ᠴᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠴᠢᠬᠤᠯᠠ | ᠤᠯᠤᠰ ᠲᠦᠷᠦ ᠶᠢᠨ ᠳᠠᠪᠠᠭᠤᠯᠢᠭ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠠᠨ ᠮᠠᠨ ᠤ ᠨᠠᠮ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠳᠤᠷᠠᠳᠪᠠ᠃ ᠠᠩᠬᠠᠳᠤᠭᠠᠷ ᠲᠠᠪᠤᠨ ᠵᠢᠯ ᠤᠨ ᠲᠥᠯᠥᠪᠯᠡᠭᠡ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠬᠦᠷᠲᠡᠯᠡᠬᠢ ᠢᠮᠠᠭᠲᠠ ᠲᠤᠭᠤᠰᠢᠯᠠᠭᠤᠯᠬᠤ ᠭᠤᠣᠯ ᠰᠡᠳᠦᠪ ᠪᠣᠯ ᠮᠠᠨ ᠤ ᠤᠯᠤᠰ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠪᠣᠯᠭᠠᠨ | ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡ ᠬᠦ ᠶᠠᠪᠤᠴᠠ ᠳᠤ᠂ ᠮᠠᠨ ᠤ ᠨᠠᠮ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ | ᠲᠤᠬᠠᠢ ᠲᠠᠨᠢᠯᠲᠠ ᠶᠢᠨ ᠲᠠᠯ᠎ᠠ ᠪᠠᠷ ᠲᠠᠰᠤᠷᠠᠯᠳᠠ ᠦᠭᠡᠢ ᠭᠦᠨᠵᠡᠭᠡᠶᠢᠷᠡᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠳᠠ ᠦᠭᠡᠢ ᠪᠣᠯᠪᠠᠰᠤᠷᠠᠩᠭᠤᠢ ᠪᠣᠯᠵᠤ᠂ | ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠵᠤ᠂ ᠮᠠᠨ ᠤ ᠤᠯᠤᠰ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠡᠢ | ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ | ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠣᠯᠣᠨ ᠴᠢᠬᠤᠯᠠ ᠶᠡᠭᠡ ᠵᠠᠷᠴᠢᠮ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠂ ᠡᠨᠡ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠬᠠᠮᠤᠭ ᠤᠨ ᠳᠡᠭᠡᠳᠦ ᠦᠵᠦ ᠲᠥᠯᠥᠪᠯᠡᠭᠡ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠱᠠᠲᠤ ᠦᠶ᠎ᠡ | ᠬᠤᠪᠢᠶᠠᠵᠤ᠂ ᠬᠦᠷᠢᠶ᠎ᠡ ᠴᠠᠷᠠᠭ᠎ᠠ ᠬᠤᠪᠢᠶᠠᠵᠤ ᠠᠬᠢᠭᠤᠯᠤᠭᠰᠠᠨ ᠶᠤᠮ᠂ ᠡᠯ᠎ᠡ ᠱᠠᠲᠤ ᠦᠶ᠎ᠡ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠡᠯ᠎ᠡ | ᠬᠦᠷᠢᠶᠡᠨ ᠳᠠᠬᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠳᠠᠯᠢᠬᠠᠨ ᠦᠵᠦ ᠲᠥᠯᠥᠪᠯᠡᠭᠡ ᠬᠢᠬᠦ ᠴᠢᠬᠤᠯᠠᠲᠠᠢ ᠶᠤᠮ᠃ ᠳᠡᠯᠡᠬᠡᠢ ᠶᠢᠨ | ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠨᠡᠪᠲᠡ ᠠᠵᠢᠭᠯᠠᠵᠤ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ ᠲᠣᠭᠲᠠᠭᠠᠭᠰᠠᠨ ᠲᠥᠯᠦᠪᠵᠢᠭᠦᠯᠭᠡ ᠪᠠ ᠲᠦᠷᠦ ᠶᠢᠨ | ᠪᠣᠳᠣᠯᠭ᠎ᠠ ᠶᠢᠨ ᠰᠢᠰᠲ᠋ᠧᠮ ᠳᠤ ᠴᠠᠭ ᠦᠶᠡᠴᠢ ᠴᠢᠨᠠᠷ ᠢ ᠢᠯᠡᠷᠡᠭᠦᠯᠦᠨ᠂ ᠵᠢᠮ᠎ᠡ ᠶᠣᠰᠣᠴᠢ ᠴᠢᠨᠠᠷ ᠢ ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠯᠭᠠᠵᠤ᠂ | ᠬᠤᠯᠠ ᠣᠶᠢᠷ᠎ᠠ ᠶᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠲᠤᠭᠤᠰᠢᠲᠠᠢ ᠭᠦᠢᠴᠡᠳᠬᠡᠵᠦ᠂ ᠠᠭᠤᠯᠭ᠎ᠠ ᠶᠢ ᠵᠣᠬᠢᠴᠠᠯᠳᠤᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠠᠷᠠᠳ | ᠲᠦᠮᠡᠨ ᠤ ᠢᠲᠡᠭᠡᠯ ᠪᠣᠯᠣᠨ ᠳᠡᠮᠵᠢᠯᠭᠡ ᠪᠣᠯ ᠳᠠᠷᠤᠢ ᠮᠠᠨ ᠤ ᠤᠯᠤᠰ ᠤᠨ ᠡᠷᠡᠯᠬᠡᠭᠯᠡᠨ ᠤᠷᠤᠭᠰᠢᠯᠠᠬᠤ ᠬᠦᠴᠦᠨ ᠮᠥᠨ᠃ ᠰᠠᠶᠢᠨ ᠴᠢᠭᠯᠡᠯᠲᠡ ᠲᠦᠷᠦ ᠶᠢᠨ | ᠪᠣᠳᠣᠯᠭ᠎ᠠ ᠪᠠ ᠬᠥᠭᠵᠢᠯᠲᠡ ᠶᠢᠨ ᠲᠥᠯᠦᠪᠵᠢᠭᠦᠯᠭᠡ ᠨᠢ ᠴᠥᠮ ᠠᠷᠠᠳ ᠲᠦᠮᠡᠨ ᠤ ᠬᠦᠰᠡᠯ ᠰᠠᠨᠠᠯ ᠲᠠᠢ ᠵᠣᠬᠢᠴᠠᠵᠤ᠂ ᠠᠷᠠᠳ ᠲᠦᠮᠡᠨ ᠤ ᠬᠦᠰᠡᠯ ᠪᠤᠳᠤᠯ ᠳᠤ | ᠨᠡᠶᠢᠴᠡᠵᠦ᠂ ᠤᠯᠠᠨ ᠲᠦᠮᠡᠨ ᠤ ᠳᠤᠮᠳᠠ ᠠᠴᠠ ᠢᠷᠡᠵᠤ᠂ ᠤᠯᠠᠨ ᠲᠦᠮᠡᠨ ᠤ ᠳᠤᠮᠳᠠ ᠣᠴᠢᠬᠤ ᠬᠡᠷᠡᠭᠲᠡᠢ᠃ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠬᠤᠯᠪᠣᠭᠳᠠᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ | ᠬᠤᠯᠪᠣᠭᠳᠠᠵᠤ ᠪᠠᠶᠢᠳᠠᠭ ᠪᠣᠯᠬᠤᠷ ᠦᠵᠦ ᠲᠥᠯᠥᠪᠯᠡᠭᠡ ᠶᠢ ᠴᠢᠩᠭᠠᠳᠬᠠᠬᠤ ᠪᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠬᠡᠵᠦ᠂ ᠨᠡᠶᠢᠭᠡᠮ ᠤᠨ | ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠲᠤᠰᠬᠠᠢ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ ᠲᠤᠷᠰᠢᠯᠭ᠎ᠠ ᠶᠢ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠠᠪᠤᠴᠠ ᠳᠤ ᠭᠦᠢᠴᠡᠳ ᠰᠢᠩᠭᠡᠬᠡᠨ ᠣᠷᠣᠭᠤᠯᠬᠤ ᠴᠢᠬᠤᠯᠠᠲᠠᠢ ᠶᠤᠮ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠤᠬᠠᠭᠠᠯᠠᠨ ᠲᠥᠯᠥᠪᠯᠡᠬᠦ ᠳᠤ᠂ ᠡᠷᠬᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠱᠠᠲᠤᠴᠢ ᠴᠢᠨᠠᠷᠲᠠᠢ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠨᠢᠭᠲᠠ | ᠤᠶᠠᠯᠳᠤᠭᠤᠯᠤᠨ᠂ ᠨᠢᠭᠡ ᠨᠢᠭᠡ ᠬᠦᠷᠢᠶ᠎ᠡ ᠪᠠᠷ ᠬᠠᠷᠠᠯᠲᠠ ᠡᠭᠦᠷᠭᠡ ᠶᠢ ᠵᠣᠬᠢᠰᠲᠠᠢ ᠲᠣᠭᠲᠠᠭᠠᠵᠤ᠂ ᠰᠡᠳᠬᠢᠴᠡ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠡᠯ᠎ᠡ | ᠲᠠᠯ᠎ᠠ ᠶᠢᠨ ᠬᠠᠷᠠᠯᠲᠠ ᠡᠭᠦᠷᠭᠡ ᠶᠢ ᠭᠦᠨᠵᠡᠭᠡᠢ ᠵᠠᠳᠠᠯᠤᠨ ᠨᠤᠲᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠵᠠᠩᠭᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ | ᠬᠦᠴᠦᠨ ᠵᠦᠢᠯ ᠢ ᠠᠳᠬᠤᠵᠤ᠂ ᠠᠶᠢᠵᠠᠮ ᠪᠣᠯᠣᠨ ᠠᠬᠢᠴᠠ ᠶᠢ ᠰᠠᠶᠢᠲᠤᠷ ᠡᠵᠡᠮᠳᠡᠵᠦ᠂ ᠳᠠᠪᠠᠭᠤᠯᠢᠭ ᠢᠶᠠᠨ ᠪᠠᠬᠢᠵᠢᠭᠦᠯᠦᠨ ᠥᠷᠭᠡᠳᠬᠡᠬᠦ᠂ ᠪᠣᠭᠤᠮᠢ ᠲᠦᠭᠵᠢᠷᠡᠯ ᠢ | ᠰᠢᠪᠲᠤᠯᠬᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠨ ᠴᠢᠩᠭᠠᠳᠬᠠᠬᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠠᠴᠢᠯᠠᠵᠤ᠂ ᠪᠦᠬᠦᠯᠢ | ᠴᠣᠭᠴᠠ ᠶᠢᠨ ᠬᠠᠷᠠᠯᠲᠠ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠠᠭᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨ ᠠᠴᠠ ᠵᠥᠪ ᠢ ᠡᠷᠢᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠦᠴᠦᠨ | ᠪᠣᠯᠣᠨ ᠨᠠᠶᠢᠳᠠᠪᠤᠷᠢᠵᠢᠭᠤᠯᠬᠤ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ |