ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 13 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ | ᠳᠤᠮᠳᠠᠳᠤ ᠤᠯᠤᠰ ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠬᠢᠬᠦ ᠣᠷᠣᠨ ᠤ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠬᠠᠭᠤᠯᠪᠤᠷᠢᠯᠠᠨ | ᠳᠡᠯᠭᠡᠷᠡᠭᠦᠯᠬᠦ ᠠᠵᠢᠯ ᠢ ᠪᠠᠶᠢᠷᠢᠯᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠪᠠ ᠰᠠᠶᠢᠨ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠢᠲᠡᠭᠡᠮᠵᠢ ᠶᠢᠨ | ᠢᠯᠭᠠᠷᠠᠭᠤᠯᠤᠨ ᠰᠡᠷᠭᠦᠭᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠶᠠᠷᠢᠯᠴᠠᠵᠤ ᠪᠠᠲᠤᠯᠠᠨ᠂ ᠡᠮ ᠤᠨ | ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠬᠦ ᠶᠢ ᠰᠤᠳᠤᠯᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠳᠤ ᠳᠤᠮᠳᠠᠳᠤ ᠤᠯᠤᠰ | ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠬᠢᠬᠦ ᠣᠷᠣᠨ ᠢᠶᠠᠨ ᠪᠦᠬᠦ ᠲᠠᠯ᠎ᠠ ᠪᠠᠷ ᠵᠣᠯᠭᠠᠭᠤᠯᠤᠭᠰᠠᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ | ᠰᠠᠶᠢᠲᠤᠷ ᠠᠰᠢᠭᠯᠠᠵᠤ᠂ ᠨᠡᠩ ᠶᠡᠭᠡ ᠬᠡᠪᠴᠢᠶᠡᠨ ᠳᠤ ᠳᠦᠷᠢᠮ ᠤᠨ ᠰᠢᠨ᠎ᠡ ᠡᠭᠦᠳᠦᠯᠲᠡ ᠶᠢᠨ ᠴᠡᠪᠡᠷ ᠠᠰᠢᠭ ᠢ ᠪᠠᠳᠠᠷᠠᠭᠤᠯᠵᠤ᠂ ᠥᠨᠳᠥᠷ ᠲᠦᠪᠰᠢᠨ ᠲᠠᠢ | ᠨᠡᠭᠡᠭᠡᠯᠲᠡ ᠪᠠᠷ ᠭᠦᠨᠵᠡᠭᠡᠢ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠳᠠᠯ ᠳᠤ ᠨᠢ | ᠲᠣᠬᠢᠷᠠᠭᠤᠯᠤᠨ ᠬᠠᠭᠤᠯᠪᠤᠷᠢᠯᠠᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠨ᠂ ᠠᠵᠤ ᠠᠬᠤᠶᠢᠯᠠᠯ | ᠪᠠ ᠤᠯᠠᠨ ᠲᠦᠮᠡᠨ ᠳᠤ ᠪᠠᠴᠢᠮ ᠱᠠᠭᠠᠷᠳᠠᠭᠳᠠᠵᠤ ᠪᠠᠶᠢᠭ᠎ᠠ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠠᠬᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢᠨ ᠲᠤᠷᠰᠢᠯᠲᠠ ᠶᠢᠨ ᠴᠡᠭ ᠤᠨ ᠪᠤᠰᠤᠳ ᠠᠷᠭ᠎ᠠ ᠬᠡᠮᠵᠢᠶ᠎ᠡ ᠯᠦᠭᠡ ᠵᠣᠬᠢᠴᠠᠭᠤᠯᠬᠤ ᠪᠠ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠲᠦᠭᠰᠢᠭᠦᠷᠢ ᠶᠢᠨ | ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠳᠦᠷᠢᠮ ᠤᠨ ᠬᠡᠯᠪᠡᠷᠢ ᠪᠦᠬᠦᠢ ᠨᠡᠭᠡᠭᠡᠯᠲᠡ ᠬᠢᠬᠦ ᠲᠤᠷᠰᠢᠯᠲᠠ ᠶᠢ ᠨᠡᠩ ᠴᠢᠩᠭ᠎ᠠ ᠡᠷᠴᠢᠮ ᠲᠠᠢ | ᠥᠷᠨᠢᠭᠦᠯᠵᠦ᠂ ᠨᠡᠩ ᠥᠨᠳᠥᠷ ᠲᠦᠪᠰᠢᠨ ᠲᠠᠢ ᠨᠡᠭᠡᠭᠡᠯᠲᠡᠲᠦ ᠬᠡᠯᠪᠡᠷᠢ ᠪᠦᠬᠦᠢ ᠠᠵᠤ ᠠᠬᠤᠢ ᠶᠢᠨ ᠰᠢᠨ᠎ᠡ ᠪᠠᠶᠢᠭᠤᠯᠤᠯ ᠢ ᠲᠦᠷᠭᠡᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠨᠢ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ᠂ ᠡᠷᠡᠭᠦᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠂ ᠠᠯᠤᠰ ᠢ ᠪᠣᠳᠣᠯᠬᠢᠯᠠᠨ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ | ᠠᠷᠢᠯᠭᠠᠬᠤ ᠪᠠᠨ ᠪᠠᠷᠢᠮᠲᠠᠯᠠᠵᠤ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠬᠤ ᠬᠡᠷᠡᠭᠲᠡᠢ᠃ ︽ᠰᠠᠶᠢᠨ ᠭᠡᠷ ᠪᠠᠶᠢᠰᠢᠩ︾ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠬᠦᠴᠦᠲᠡᠢ ᠠᠬᠢᠭᠤᠯᠵᠤ᠂ ᠬᠤᠲᠠ ᠶᠢᠨ ᠰᠢᠨᠡᠳᠬᠡᠬᠦ ᠲᠣᠭᠲᠠᠴᠠ ᠳᠤ ᠣᠷᠣᠭᠤᠯᠤᠭᠠᠳ ᠠᠵᠢᠯ ᠢᠶᠠᠨ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠵᠤ᠂ ᠲᠥᠯᠦᠪᠵᠢᠭᠦᠯᠭᠡ᠂ ᠭᠠᠵᠠᠷ ᠰᠢᠷᠣᠢ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠬᠦ ᠬᠡᠷᠡᠭᠲᠡᠢ᠃ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠢᠭᠡᠨᠲᠡ ᠬᠠᠩᠭᠠᠭᠰᠠᠨ ᠭᠠᠵᠠᠷ ᠰᠢᠷᠣᠢ ᠪᠠ ᠪᠠᠶᠢᠭᠤᠯᠵᠤ ᠪᠠᠶᠢᠭ᠎ᠠ | ᠲᠥᠷᠥᠯ ᠵᠦᠢᠯ ᠤᠨ ᠪᠠᠶᠢᠳᠠᠯ ᠢ ᠣᠶᠢᠯᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ | ᠲᠥᠷᠥ ᠶᠢᠨ ᠪᠣᠳᠣᠯᠭ᠎ᠠ ᠬᠡᠷᠡᠭᠵᠢᠭᠦᠯᠬᠦ ᠰᠢᠰᠲ᠋ᠧᠮᠲᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ ᠪᠠᠶᠢᠭᠠᠳ | ᠵᠢᠱᠢᠯᠲᠡ ᠶᠢ ᠲᠣᠭᠲᠠᠪᠤᠷᠢᠵᠢᠭᠤᠯᠤᠨ᠂ ᠬᠡᠷᠡᠭᠴᠡᠭᠡ ᠶᠢ ᠬᠥᠭᠵᠢᠭᠡᠨ᠂ ᠬᠠᠩᠭᠠᠯᠭ᠎ᠠ ᠶᠢ ᠰᠢᠯᠢᠳᠡᠭᠵᠢᠭᠦᠯᠦᠨ᠂ ᠲᠦᠭᠰᠢᠭᠦᠷᠢ ᠶᠢ ᠠᠷᠢᠯᠭᠠᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠣᠷᠣᠭᠤᠯᠬᠤ ᠶᠢ ᠨᠠᠩ ᠴᠢᠩᠭ᠎ᠠ ᠡᠷᠴᠢᠮ ᠲᠠᠢ ᠠᠬᠢᠭᠤᠯᠬᠤ ᠬᠡᠷᠡᠭᠲᠡᠢ | ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠢᠭᠡᠳᠦᠯᠲᠡᠢ ᠵᠢᠷᠤᠮᠵᠢᠭᠤᠯᠬᠤ᠂ ᠬᠠᠮᠵᠢᠯᠴᠠᠨ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨᠴᠢ ᠥᠨᠳᠥᠷ | ᠪᠦᠲᠦᠮᠵᠢᠲᠡᠢ ᠪᠠᠶᠢᠯᠭᠠᠬᠤ ᠢᠲᠡᠭᠡᠮᠵᠢ ᠶᠢᠨ ᠢᠯᠭᠠᠷᠠᠭᠤᠯᠤᠨ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠬᠦ ᠪᠠᠨ ᠲᠦᠷᠭᠡᠳᠬᠡᠵᠦ᠂ ᠢᠲᠡᠭᠡᠯ ᠠᠯᠳᠠᠭᠰᠠᠨ ᠭᠤᠣᠯ | ᠴᠣᠭᠴᠠ ᠶᠢᠨ ᠢᠲᠡᠭᠡᠮᠵᠢ ᠪᠠᠨ ᠳᠠᠬᠢᠨᠲᠠ ᠴᠣᠭᠴᠠᠯᠠᠬᠤ ᠶᠢ ᠨᠢ ᠨᠡᠩ ᠰᠠᠶᠢᠲᠤᠷ ᠬᠠᠪᠰᠤᠷᠬᠤ ᠬᠡᠷᠡᠭᠲᠡᠢ᠃ ᠳᠦᠷᠢᠮ ᠢ ᠨᠢᠭᠡᠳᠦᠯᠲᠡᠢ ᠢᠯᠭᠠᠷᠠᠭᠤᠯᠤᠨ ᠰᠡᠷᠭᠦᠭᠡᠵᠦ᠂ | ᠬᠢᠷᠢ ᠬᠡᠮ ᠢ ᠬᠢᠨᠠᠨ ᠪᠠᠶᠢᠴᠠᠭᠠᠬᠤ᠂ ᠶᠠᠪᠤᠴᠠ ᠳᠤ ᠬᠢᠨᠠᠯᠲᠠ ᠲᠠᠯᠪᠢᠬᠤ᠂ ᠦᠷ᠎ᠡ ᠳ᠋ᠦᠩ ᠢ ᠦᠨᠡᠯᠡᠬᠦ ᠵᠡᠷᠭᠡ ᠭᠤᠭᠴᠣᠭᠠᠨ ᠤ ᠪᠠᠷᠢᠮᠵᠢᠶ᠎ᠠ ᠪᠠ ᠵᠢᠷᠤᠮᠵᠢᠯ ᠢ ᠨᠢ | ᠪᠦᠷᠢᠨᠰᠢᠭᠦᠯᠬᠦ ᠬᠡᠷᠡᠭᠲᠡᠢ᠃ ᠳ᠋ᠠᠶᠢᠲ᠋ᠠ ᠶᠢᠨ ᠬᠤᠷᠢᠭ᠎ᠠ ᠰᠠᠭᠠᠳ ᠢ ᠠᠷᠢᠯᠭᠠᠨ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠡᠪᠴᠢᠶ᠎ᠡ᠂ ᠠᠷᠭ᠎ᠠ᠂ ᠳᠠᠪᠲᠠᠮᠵᠢ ᠶᠢ ᠲᠦᠷᠭᠡᠬᠡᠨ | ᠲᠣᠳᠣᠷᠬᠠᠶᠢᠯᠠᠵᠤ᠂ ᠬᠠᠮᠢᠶ᠎ᠠ ᠪᠦᠬᠦᠢ ᠬᠦᠷᠢᠶᠡᠨ ᠳᠠᠬᠢ ᠨᠡᠶᠢᠭᠡᠮ ᠤᠨ ᠳ᠋ᠠᠶᠢᠲ᠋ᠠ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃ ᠰᠠᠯᠠᠭ᠎ᠠ | ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ᠂ ᠭᠥᠯᠢᠶᠡᠨ ᠠᠪᠴᠤ ᠭᠦᠢᠴᠡᠳᠬᠡᠬᠦ᠂ ᠰᠢᠨᠡᠳᠬᠡᠨ ᠬᠠᠷᠢᠭᠤ ᠲᠤᠰᠬᠠᠬᠤ᠂ ᠣᠨᠳᠣᠣ ᠰᠠᠨᠠᠯ ᠢ ᠰᠢᠢᠳᠪᠦᠷᠢᠯᠡᠬᠦ | ᠵᠡᠷᠭᠡ ᠠᠵᠢᠯ ᠳᠤ ᠪᠠᠨ ᠨᠢᠭᠲᠠ ᠬᠠᠮᠵᠢᠯᠴᠠᠵᠤ᠂ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠲᠦᠷᠦ ᠶᠢᠨ | ᠪᠣᠳᠣᠯᠭ᠎ᠠ ᠶᠢ ᠦᠨᠡᠯᠡᠨ ᠵᠢᠱᠢᠬᠦ ᠪᠠᠨ ᠴᠢᠩᠭᠠᠳᠬᠠᠵᠤ᠂ ᠲᠤᠷᠰᠢᠯᠭ᠎ᠠ ᠪᠠᠨ ᠳ᠋ᠦᠩᠨᠡᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ | ᠠᠵᠢᠯ ᠢ ᠵᠢᠷᠤᠮᠵᠢᠭᠤᠯᠤᠨ ᠳᠦᠷᠢᠮᠵᠢᠭᠦᠯᠵᠦ ᠪᠠᠶᠢᠩᠭᠤᠰᠢᠭᠤᠯᠤᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ | ᠡᠮᠨᠡᠯᠭᠡ ᠶᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ ᠶᠢ ᠨᠠᠩ ᠰᠠᠶᠢᠲᠤᠷ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ | ᠳᠡᠮᠵᠢᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠣᠯᠠᠨ ᠡᠰᠢᠴᠢᠯᠡᠭᠰᠡᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠡᠮ ᠤᠨ | ᠵᠦᠢᠯ ᠪᠠ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠯᠲᠡ ᠶᠢᠨ ᠪᠦᠬᠦ ᠬᠡᠯᠬᠢᠶᠡᠨ ᠳᠠᠬᠢ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠳᠠᠭᠤᠷᠢᠶᠠᠮᠠᠯ ᠡᠮ ᠤᠨ ᠶᠠᠰᠤ ᠴᠢᠨᠠᠷ ᠪᠠ ᠡᠮᠴᠢᠯᠡᠭᠡᠨ ᠤ ᠦᠢᠯᠡᠳᠦᠯ ᠤᠨ ᠨᠢᠭᠡᠳᠦᠯᠲᠡᠢ ᠴᠢᠨᠠᠷ ᠤᠨ ᠦᠨᠡᠯᠡᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠠᠷᠠᠳ ᠤᠯᠠᠨ ᠤ ᠰᠠᠨᠠᠭ᠎ᠠ ᠠᠮᠤᠷ ᠡᠮ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |