ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ | ᠪᠠᠶᠢᠭᠤᠯᠬᠤ ᠶᠢᠨ ᠲᠦᠯᠦᠭᠡ ᠣᠶᠢᠷ᠎ᠠ ᠳᠤ᠂ ᠶᠢᠨ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠᠶᠢᠭᠤᠯᠭ᠎ᠠ᠂ ᠨᠡᠶᠢᠭᠡᠮ ᠲᠣᠭᠤᠷᠢᠭ ᠤᠨ ᠪᠥᠬᠦ ᠬᠥᠮᠦᠰ ᠢ | ᠵᠣᠬᠢᠶᠠᠨ ᠪᠠᠶᠢᠭᠤᠯᠵᠤ ᠠᠶᠤᠯᠭᠦᠶ ᠦᠶ᠋ᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠬᠤᠷᠠᠯ ᠤᠨ ᠳᠠᠷᠠᠭ᠎ᠠ ᠠᠶᠤᠯᠭᠦᠶ | ᠦᠶ᠋ᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠠᠮᠢ ᠨᠠᠰᠤ ᠶᠢ ᠳᠠᠭᠡᠳᠦᠯᠡᠨ ᠰᠡᠷᠡᠮᠵᠢ ᠶᠢᠨ ᠬᠤᠩᠬᠤ ᠶᠢ ᠪᠠᠶᠢᠩᠭᠤ ᠬᠠᠩᠭᠢᠨᠠᠭᠤᠯᠬᠤ︾ ᠶᠢ | ᠲᠥᠪᠯᠡᠷᠡᠭᠦᠯᠦᠨ ᠦᠵᠡᠭᠦᠯᠪᠡ᠃ ᠲᠣᠰ ᠤᠳᠠᠭᠠᠨ ᠤ ᠬᠤᠷᠠᠯ ᠨᠢ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠨ᠂ ᠠᠶᠤᠯᠭᠦᠶ ᠦᠢᠯᠡᠳᠪᠦᠷᠢᠯᠡᠯ ᠤᠨ | ᠰᠡᠷᠡᠮᠵᠢ ᠶᠢᠨ ᠬᠤᠩᠬᠤ ᠶᠢ ᠳᠤᠤᠭᠠᠷᠭᠠᠵᠤ᠂ ᠪᠥᠬᠦ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢ | ᠳᠡᠭᠡᠭᠰᠢᠯᠡᠭᠦᠯᠬᠦ ᠶᠢᠨ ᠲᠥᠯᠥᠭᠡ ᠶᠤᠮ᠃ | ᠰᠡᠷᠡᠮᠵᠢᠯᠡᠭᠦᠯᠬᠦ ᠹᠢᠯᠢᠮ ᠳᠤ᠂ ᠰᠡᠳᠬᠢᠯ ᠵᠢᠷᠦᠬᠡ ᠶᠢ ᠰᠣᠴᠢᠭᠠᠭᠰᠠᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠬᠡᠷᠡᠭ ᠤᠨ ᠵᠢᠱᠢᠶ᠎ᠡ ᠶᠢᠨ ᠠᠳᠡᠯ ᠭᠠᠷᠤᠭᠰᠠᠨ | ᠰᠢᠯᠲᠠᠭᠠᠨ᠂ ᠥᠩᠭᠡᠷᠡᠯᠲᠡ ᠵᠢᠴᠢ ᠬᠦᠨᠳᠦ ᠨᠣᠴᠢᠲᠠᠢ ᠦᠷ᠎ᠡ ᠳ᠋ᠦᠩ ᠢ ᠨᠠᠷᠢᠨ ᠵᠠᠳᠠᠯᠵᠤ᠂ ᠵᠢᠷᠤᠭ ᠨᠢᠭᠡᠪᠦᠷᠢ ᠨᠢ ᠴᠥᠮ ᠲᠤᠬᠠᠢ ᠶᠢᠨ ᠲᠠᠯᠠᠪᠠᠢ ᠶᠢᠨ | ᠦᠵᠡᠭᠴᠢᠳ ᠤᠨ ᠰᠡᠳᠬᠢᠯ ᠢ ᠶᠡᠬᠡᠳᠡ ᠳᠣᠭᠳᠣᠯᠤᠭᠤᠯᠵᠠᠢ᠃ ᠲᠣᠭᠤᠷᠢᠨ ᠦᠵᠡᠬᠦ ᠶᠠᠪᠤᠴᠠ ᠳᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠨᠳᠦ | ᠨᠣᠴᠢᠲᠠᠢ ᠪᠠᠶᠢᠵᠤ᠂ ᠤᠯᠠᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠠᠳᠡᠯ ᠬᠡᠷᠡᠭ ᠨᠢ ᠬᠤᠪᠢ ᠬᠥᠮᠦᠨ ᠪᠣᠯᠤᠨ ᠭᠡᠷ ᠪᠦᠯᠢ ᠳᠤ ᠯᠤᠲᠤ ᠶᠡᠭᠡ ᠰᠢᠷᠬ᠎ᠠ | ᠰᠣᠷᠪᠢ ᠶᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ ᠨᠡᠶᠢᠭᠡᠮ ᠪᠣᠯᠤᠨ ᠠᠵᠤ ᠠᠬᠤᠶᠢᠯᠠᠯ ᠳᠤ ᠬᠡᠮᠵᠢᠶᠡᠯᠡᠰᠢ ᠦᠭᠡᠢ ᠬᠤᠬᠢᠷᠠᠯ ᠤᠴᠠᠷᠠᠭᠤᠯᠵᠤ ᠪᠠᠶᠢᠬᠤ ᠶᠢ | ᠭᠦᠨᠵᠡᠭᠡᠢ ᠲᠠᠨᠢᠵᠤ ᠤᠯᠪᠠ᠃ | ᠦᠵᠡᠵᠦ ᠳᠠᠭᠤᠰᠤᠭᠰᠠᠨ ᠤ ᠳᠠᠷᠠᠭ᠎ᠠ᠂ ᠪᠠᠯᠭᠠᠰᠤᠨ ᠤ ᠳᠡᠳ᠋ ᠳᠠᠷᠤᠭ᠎ᠠ ᠵᠧᠩ ᠶᠠᠨ ᠬᠠᠶ ᠴᠢᠬᠤᠯᠠᠴᠢᠯᠠᠭᠰᠠᠨ ᠨᠢ᠂ ᠠᠶᠤᠯᠭᠦᠶ ᠦᠶ᠋ᠯᠡᠳᠪᠦᠷᠢᠯᠡᠯ ᠪᠣᠯ | ᠬᠥᠭᠵᠢᠯᠲᠡ ᠶᠢᠨ ᠬᠤᠷᠢᠭ᠎ᠠ ᠱᠤᠭᠤᠮ ᠮᠥᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠯ᠎ᠡ | ᠰᠠᠯᠠᠭ᠎ᠠ ᠮᠥᠴᠢᠷ᠂ ᠡᠯ᠎ᠡ ᠨᠡᠶᠢᠭᠡᠮ ᠲᠣᠭᠤᠷᠢᠭ ᠡᠷᠬᠡᠪᠰᠢ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠤᠯᠠᠭᠠᠨ ᠱᠤᠭᠤᠮ ᠤᠨ ᠤᠬᠠᠮᠰᠠᠷ ᠢᠶᠠᠨ | ᠴᠢᠩᠭᠠᠳᠬᠠᠵᠤ᠂ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ | ᠨᠡᠶᠢᠭᠡᠮ ᠲᠣᠭᠤᠷᠢᠭ ᠰᠡᠷᠡᠮᠵᠢᠯᠡᠭᠦᠯᠬᠦ ᠹᠢᠯᠢᠮ ᠤᠨ ᠳᠤᠮᠳᠠᠬᠢ ᠠᠰᠠᠭᠤᠳᠠᠯ ᠲᠠᠢ ᠬᠠᠷᠢᠴᠠᠭᠤᠯᠤᠨ᠂ ᠳᠠᠷᠦ᠋ᠢᠬᠠᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠶᠢ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠢ | ᠴᠤᠬᠤᠶᠢᠵᠤ ᠪᠠᠶᠢᠭ᠎ᠠ ᠪᠠᠶᠢᠳᠠᠯ ᠢ ᠤᠰᠠᠳᠬᠠᠬᠤ ᠬᠡᠷᠡᠭᠲᠡᠶ ᠭᠡᠵᠦ ᠱᠠᠭᠠᠷᠳᠠᠪᠠ᠃ | ᠲᠣᠰ ᠤᠳᠠᠭᠠᠨ ᠤ ᠬᠤᠷᠠᠯ ᠨᠢ ᠶᠢᠨ ᠾᠧ ᠪᠠᠯᠭᠠᠰᠤᠨ ᠤ ᠠᠶᠤᠯᠭᠦᠶ ᠦᠶ᠋ᠯᠡᠳᠪᠦᠷᠢᠯᠡᠯ ᠤᠨ ᠠᠵᠢᠯ ᠳᠤ ︽ᠵᠢᠷᠦᠬᠡ ᠴᠢᠩᠭᠠᠷᠠᠭᠤᠯᠬᠤ ᠡᠮ︾ ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠶᠢᠨ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠪᠠᠶᠢᠴᠠᠭᠠᠯᠲᠠ ᠪᠣᠯᠤᠨ ᠭᠡᠮ ᠰᠣᠭᠤᠭ ᠢ ᠪᠠᠶᠢᠴᠠᠭᠠᠨ ᠵᠠᠰᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠳᠤ ᠬᠠᠨᠳᠤᠵᠤ᠂ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ | ᠲᠦᠪᠰᠢᠨ ᠣᠷᠴᠢᠨ ᠲᠣᠭᠤᠷᠢᠨ ᠢ ᠬᠠᠩᠭᠠᠵᠦ ᠥᠭᠭᠦᠨ᠎ᠡ᠃ |