ᠭᠡᠭᠡᠨ ᠭᠤᠣᠯ ᠬᠤᠲᠠ 2025 ᠣᠨ ᠤ ᠪᠥᠬᠦ ᠤᠯᠤᠰ ᠤᠨ ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/6/20
   ᠣᠶᠢᠷ᠎ᠠ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠲᠠᠢ ᠬᠠᠮᠲᠤᠷᠠᠨ ᠱᠢ ᠵᠢᠢ ᠠᠭᠤᠳᠠᠮ ᠲᠠᠯᠠᠪᠠᠶ ᠳᠤ 2025 ᠣᠨ ᠤ ᠪᠥᠬᠦ ᠤᠯᠤᠰ ᠤᠨ ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠵᠤ᠂ ᠲᠣᠰ ᠤᠳᠠᠭᠠᠨ ᠤ ᠠᠵᠢᠯᠯᠠᠭ᠎ᠠ ᠨᠢ ︽ᠵᠣᠷᠢᠭ ᠰᠢᠭᠤᠳᠤᠨ ᠰᠢᠨ᠎ᠡ ᠶᠢ ᠡᠭᠦᠳᠦᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠤᠨᠤᠯ᠂ ᠲᠦᠷᠦ ᠶᠢᠨ ᠪᠤᠳᠤᠯᠭ᠎ᠠ᠂ ᠰᠢᠨᠵᠢᠯᠡᠭᠡ‌ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠢᠳᠡᠭᠡᠨ ᠤ ᠠᠮᠤᠷ ᠲᠦᠪᠰᠢᠨ ᠂ ᠬᠡᠷᠡᠭᠯᠡᠭᠡᠨ ᠤ ᠲᠠᠷᠢᠮᠠᠯ ᠤᠨ ᠮᠡᠷᠭᠡᠵᠢᠯ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠲᠤᠬᠠᠢ ᠶᠢᠨ ᠲᠠᠯᠠᠪᠤᠷ ᠲᠤ ᠪᠠᠰᠠ ᠰᠦᠢᠳᠬᠡᠯ ᠬᠤᠷᠢᠶᠠᠬᠤ ᠦᠭᠡᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠤᠳᠠ ᠶᠢᠨ ᠠᠷᠠᠳ ᠤᠨ ᠪᠡᠶ᠎ᠡ ᠶᠢᠨ ᠪᠠᠶᠢᠳᠠᠯ ᠢ ᠦᠨᠳᠦᠰᠦᠯᠡᠨ ᠲᠡᠳᠡᠨ ᠳᠤ ᠡᠷᠡᠭᠦᠯ ᠮᠡᠨᠳᠦ ᠶᠢᠨ ᠲᠥᠰᠦᠯ ᠢ ᠲᠣᠭᠲᠠᠭᠠᠵᠤ ᠥᠭᠴᠡᠢ᠃    ᠲᠣᠰ ᠤᠳᠠᠭᠠᠨ ᠤ ᠶᠣᠰᠣᠯᠠᠯ ᠨᠢ ᠭᠡᠭᠡᠨ ᠭᠤᠤᠯ ᠬᠤᠲᠠ ᠶᠢᠨ ᠰᠢᠨᠵᠢᠯᠡᠭᠡ‌ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠦᠷ᠎ᠡ ᠪᠦᠲᠦᠭᠡᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠪᠥᠬᠦ ᠠᠷᠠᠳ ᠤᠨ ᠰᠢᠨᠵᠢᠯᠡᠬᠦ ᠤᠬᠠᠭᠠᠨ ᠢ ᠮᠡᠷᠭᠡᠵᠢᠯ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠡᠳ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠶᠢᠯᠤᠮᠵᠢ ᠬᠢᠬᠦ ᠶᠢᠨ ᠬᠠᠮᠲᠤ ᠣᠷᠳᠣᠨ ᠰᠤᠷᠭᠠᠭᠤᠯᠢ ᠶᠢᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠦᠵᠡᠭᠦᠯᠦᠯᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠡᠶᠢᠭᠡᠮ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠯᠬᠤᠮ ᠢᠶᠠᠨ ᠲᠦᠷᠭᠡᠳᠬᠡᠵᠦ᠂ ᠤᠶᠤᠨᠲᠤ ᠭᠡᠭᠡᠨ ᠭᠤᠤᠯ᠂ ᠰᠢᠨ᠎ᠡ ᠶᠢ ᠡᠭᠦᠳᠬᠦ ᠭᠡᠭᠡᠨ ᠭᠤᠤᠯ ᠢ ᠪᠥᠲᠥᠭᠡᠨ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ