ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ | ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | | | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠲᠤᠭᠤᠯᠵᠤ᠂ ᠢᠮᠠᠭᠲᠠ | ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠭᠰᠠᠭᠠᠷ ᠢᠷᠡᠵᠠᠢ᠂ ᠡᠨᠡ ᠨᠢ ᠠᠭᠤᠯᠠ ᠤᠰᠤ ᠪᠠᠷ ᠢᠶᠠᠨ ᠵᠠᠯᠭᠠᠯᠳᠤᠭᠰᠠᠨ ᠭᠠᠵᠠᠷ ᠣᠷᠣᠨ ᠤ ᠳᠠᠪᠠᠭᠤᠯᠢᠭ | ᠪᠣᠯᠣᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠭᠰᠠᠨ ᠲᠡᠦᠬᠡ ᠶᠢᠨ ᠤᠯᠠᠮᠵᠢᠯᠠᠯ ᠠᠴᠠ ᠪᠣᠯᠤᠭᠰᠠᠨ ᠶᠤᠮ᠂ ᠪᠠᠰᠠ ᠴᠤ ᠬᠤᠶᠠᠷ ᠤᠯᠤᠰ ᠤᠨ ᠬᠠᠮᠲᠤ ᠪᠠᠷ | ᠬᠥᠭᠵᠢᠯᠲᠡ ᠶᠢ ᠡᠷᠢᠯᠬᠢᠯᠡᠬᠦ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠣᠶᠢᠷ᠎ᠠ ᠶᠢᠨ ᠵᠢᠯ ᠠᠴᠠ᠂ ᠪᠢᠳᠡᠨ ᠤ ᠬᠠᠮᠲᠤ ᠶᠢᠨ ᠵᠢᠷᠤᠭ ᠲᠥᠯᠥᠪᠯᠡᠭᠡ ᠳᠣᠣᠷ᠎ᠠ᠂ | ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠶᠠᠰᠤ ᠴᠢᠨᠠᠷ ᠨᠡᠩ ᠭᠦᠢᠴᠡᠳ᠂ ᠠᠭᠤᠯᠤᠭᠳᠠᠬᠤᠨ ᠨᠡᠩ ᠪᠠᠶᠠᠯᠢᠭ ᠪᠣᠯᠵᠤ᠂ ᠦᠨᠡᠨ | ᠪᠣᠳᠠᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ ᠬᠤᠶᠠᠷ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ | ᠲᠥᠷᠥᠭᠳᠡᠯ ᠢ ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ | ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠬᠠᠮᠲᠤ ᠪᠠᠷ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠡᠷᠡᠰ | ᠭᠤᠶᠢᠪᠢᠰᠢ ᠦᠭᠡᠢ ᠪᠠᠬᠢᠵᠢᠭᠦᠯᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭᠠᠨ ᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠢᠶᠠᠷ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ ᠤ ᠳᠠᠷᠠᠭ᠎ᠠ᠂ | ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠰᠣᠯᠢᠯᠴᠠᠬᠤ ᠶᠢ | ᠬᠠᠮᠲᠤ ᠪᠠᠷ ᠭᠡᠷᠡᠴᠢᠯᠡᠪᠡ᠃ ᠵᠢᠷᠤᠭ ᠪᠣᠯ ᠰᠢ ᠶᠢᠨ ᠫᠢᠩ ᠲᠦᠸᠧᠺᠠᠶᠧᠹ ᠲᠠᠢ ᠭᠠᠷ ᠠᠳᠬᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠴᠥᠮ ᠲᠤᠰ ᠲᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ ᠬᠤᠶᠠᠷ | ᠤᠯᠤᠰ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠨᠢᠭᠡ ᠳᠤ᠂ ᠥᠨᠳᠥᠷ ᠲᠦᠪᠰᠢᠨ | ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠲᠤᠰ ᠲᠤᠰ ᠤᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠡᠷᠡᠰ ᠳᠡᠮᠵᠢᠯᠴᠡᠵᠦ᠂ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠬᠤ ᠶᠢ ᠠᠬᠢᠭᠤᠯᠵᠤ᠂ ᠤᠷᠪᠠᠭᠠᠨ ᠬᠥᠷᠪᠡᠭᠡᠨ ᠤ ᠳᠤᠮᠳᠠ ᠲᠤᠰ ᠲᠤᠰ ᠤᠨ ᠢᠶᠠᠨ ᠪᠠᠲᠤ ᠴᠢᠩᠭ᠎ᠠ ᠥᠮᠥᠭ | ᠲᠦᠰᠢᠭ ᠪᠣᠯᠵᠤ᠂ ᠬᠥᠭᠵᠢᠨ ᠮᠠᠨᠳᠤᠬᠤ ᠳᠤᠮᠳᠠ ᠪᠠᠨ ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠣᠯᠣᠯᠴᠠᠶ᠎ᠠ᠃ ᠬᠤᠶᠠᠷ ᠲᠤ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠬᠤᠶᠠᠷ ᠤᠯᠤᠰ ᠤᠨ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ | ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭᠠᠨ ᠤ ᠳᠠᠪᠠᠭᠤᠯᠢᠭ ᠢᠶᠠᠨ ᠪᠠᠬᠢᠵᠢᠭᠦᠯᠵᠦ᠂ ᠬᠢᠯᠢ ᠠᠯᠤᠰᠯᠠᠭᠰᠠᠨ | ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ | ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠪᠣᠬᠢᠷᠳᠤᠯ | ᠦᠭᠡᠢ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ᠃ ᠭᠤᠷᠪᠠ ᠳᠤ᠂ ᠪᠦᠭᠦ ᠲᠠᠯ᠎ᠠ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠷ ᠬᠤᠶᠠᠷ ᠤᠯᠤᠰ ᠤᠨ ᠡᠩᠬᠡ | ᠲᠠᠶᠢᠪᠤᠩ ᠠᠮᠤᠷ ᠲᠣᠭᠲᠠᠭᠤᠨ ᠢ ᠬᠠᠮᠠᠭᠠᠯᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ ᠰᠡᠷᠭᠡᠶᠢᠯᠡᠯᠲᠡ ᠶᠢᠨ ᠠᠵᠢᠯ ᠤᠨ ᠰᠣᠯᠢᠯᠴᠠᠭ᠎ᠠ ᠪᠠᠨ ᠥᠷᠭᠡᠳᠬᠡᠵᠦ | ᠂ ︽ᠭᠤᠷᠪᠠᠨ ᠵᠦᠢᠯ ᠤᠨ ᠬᠦᠴᠦᠨ︾ ᠳᠤ ᠬᠠᠮᠲᠤ ᠪᠠᠷ ᠴᠣᠬᠢᠯᠲᠠ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠳᠥᠷᠪᠡ ᠳᠤ᠂ ᠤᠯᠠᠨ ᠡᠰᠢᠴᠢᠯᠡᠭᠰᠡᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠷ ᠳᠤᠮᠳᠠᠳᠤ | ᠺᠠᠽᠠᠬᠰᠲ᠋ᠠᠨ ᠤ ᠨᠥᠬᠦᠷᠯᠡᠯ ᠤᠨ ᠰᠠᠭᠤᠷᠢ ᠶᠢ ᠪᠠᠬᠢᠵᠢᠭᠦᠯᠵᠦ᠂ ᠺᠠᠽᠠᠬᠰᠲ᠋ᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ ᠢ ᠰᠠᠶᠢᠲᠤᠷ ᠡᠷᠭᠢᠯᠡᠵᠤ᠂ | ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ᠂ ᠣᠷᠣᠨ ᠨᠤᠲᠤᠭ ᠤᠨ ᠬᠢᠨ ᠤ ᠰᠣᠯᠢᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠶ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠺᠠᠽᠠᠬᠰᠲ᠋ᠠᠨ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ | ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ | ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠺᠠᠽᠠᠬᠰᠲ᠋ᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠶᠡᠭᠡ ᠬᠡᠮᠵᠢᠶᠡᠨ ᠤ ᠪᠡᠯᠡᠳᠬᠡᠯ ᠠᠵᠢᠯ ᠬᠢᠭᠰᠡᠨ ᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠂ | ᠡᠨᠡ ᠤᠳᠠᠭ᠎ᠠ ᠶᠢᠨ ᠬᠤᠷᠠᠯ ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ᠃ | ᠡᠭᠦᠨ ᠤ ᠬᠠᠮᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ | ᠤᠯᠤᠰ ᠳᠤᠷᠠᠲᠠᠶ᠎ᠠ ᠡᠯ᠎ᠡ ᠪᠦᠷᠢᠯᠳᠦᠭᠦᠨ ᠤᠯᠤᠰ ᠲᠠᠢ ᠬᠠᠮᠲᠤ ᠪᠠᠷ᠂ ᠡᠨᠡ ᠵᠢᠯ ᠤᠨ ᠲᠢᠶᠠᠨᠵᠢᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ᠂ ᠰᠢᠨ᠎ᠡ | ᠳᠦᠷᠰᠦ ᠪᠠᠶᠢᠳᠠᠯ ᠢ ᠢᠯᠡᠷᠡᠭᠦᠯᠦᠨ᠎ᠡ ᠭᠡᠵᠦ ᠵᠢᠭᠠᠵᠤ ᠭᠠᠷᠭᠠᠪᠠ᠃ | ᠲᠦᠸᠧᠺᠠᠶᠧᠹ᠂ ᠳᠤᠮᠳᠠᠳᠤ ᠤᠯᠤᠰ ᠪᠣᠯ ᠺᠠᠽᠠᠬᠰᠲ᠋ᠠᠨ ᠤ ᠨᠥᠭᠦᠷᠰᠡᠭ ᠬᠥᠷᠰᠢ᠂ ᠳᠣᠲᠣᠨᠣ ᠨᠠᠶᠢᠵᠠ ᠪᠠ ᠨᠠᠶᠢᠳᠠᠪᠤᠷᠢᠲᠠᠢ ᠬᠠᠨᠢᠲᠠᠨ ᠮᠥᠨ᠃ ᠺᠠᠽᠠᠬᠰᠲ᠋ᠠᠨ | ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ ᠦᠶ᠎ᠡ ᠳᠤ ᠣᠷᠣᠵᠤ᠂ | ᠬᠤᠶᠠᠷ ᠤᠯᠤᠰ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠬᠤᠶᠠᠷ ᠲᠠᠯ᠎ᠠ ᠶᠢᠨ ᠠᠷᠠᠳ ᠲᠦᠮᠡᠨ ᠳᠤ ᠪᠤᠶᠠᠨ | ᠦᠢᠯᠡᠳᠴᠦ᠂ ᠤᠯᠤᠰ ᠪᠣᠯᠣᠨ ᠤᠯᠤᠰ ᠤᠨ ᠬᠤᠭᠤᠷᠣᠨᠳᠣᠭᠢ ᠬᠠᠷᠢᠯᠴᠠᠭ᠎ᠠ ᠶᠢᠨ ᠬᠡᠪ ᠳᠠᠭᠤᠷᠢᠶᠠᠯ ᠪᠣᠯᠵᠠᠢ᠃ ᠺᠠᠽᠠᠬᠰᠲ᠋ᠠᠨ ᠳᠤᠮᠳᠠᠳᠤ ᠬᠠᠮᠲᠤᠷᠠᠯᠴᠠᠭ᠎ᠠ ᠪᠠᠨ | ᠴᠢᠩᠭᠠᠳᠬᠠᠬᠤ ᠴᠢᠩᠭ᠎ᠠ ᠤᠯᠤᠰ ᠲᠦᠷᠦ ᠶᠢᠨ ᠬᠦᠰᠡᠯ ᠲᠠᠢ ᠶᠤᠮ᠂ ᠡᠷᠬᠡ ᠮᠡᠳᠡᠯ᠂ ᠠᠮᠤᠷ ᠲᠦᠪᠰᠢᠨ ᠵᠡᠷᠭᠡ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠯᠴᠡᠵᠦ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ | ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠠᠭᠤᠤ ᠶᠡᠭᠡ ᠠᠮᠵᠢᠯᠲᠠ ᠣᠯᠪᠠ᠂ ᠡᠭᠦᠨ ᠳᠤ ᠺᠠᠽᠠᠬᠰᠲ᠋ᠠᠨ ᠤ ᠬᠢᠨ ᠴᠢᠩ ᠰᠡᠳᠬᠢᠯ ᠠᠴᠠ ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ | ᠦᠭᠡᠢ ᠨᠡᠩ ᠶᠡᠭᠡ ᠬᠥᠭᠵᠢᠯᠲᠡ ᠶᠢᠨ ᠠᠮᠵᠢᠯᠲᠠ ᠣᠯᠬᠤ ᠶᠢ ᠪᠠᠲᠤ ᠢᠲᠡᠭᠡᠵᠦ ᠪᠠᠶᠢᠨ᠎ᠠ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠪᠣᠯᠣᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢ | ᠰᠢᠨ᠎ᠡ ᠲᠦᠪᠰᠢᠨ ᠳᠤ ᠬᠦᠷᠭᠡᠨ᠎ᠡ᠃ ᠬᠤᠶᠠᠷ ᠤᠯᠤᠰ ᠢᠶᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ | ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠨᠢᠭᠲᠠᠷᠠᠭᠤᠯᠤᠶ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠤᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠭᠦᠷᠭᠡᠯᠡᠯ ᠴᠢᠷᠮᠠᠶᠢᠯᠭ᠎ᠠ ᠶᠢ | ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠵᠡᠷᠭᠡ ᠪᠠᠷ ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ᠂ | ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠶᠢᠨ ᠬᠤᠷᠠᠯ ᠵᠡᠷᠭᠡ ᠤᠯᠠᠨ ᠲᠠᠯᠠᠲᠤ ᠲᠣᠭᠲᠠᠴᠠ ᠳᠤ ᠦᠷᠭᠦᠯᠵᠢᠯᠡᠨ ᠨᠢᠭᠲᠠ | ᠬᠠᠮᠲᠤᠷᠠᠯᠴᠠᠵᠤ᠂ ᠬᠠᠷᠢᠯᠴᠠᠨ ᠲᠡᠮᠵᠢᠵᠥ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ | ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠪᠣᠭᠤᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ ᠬᠦᠷᠢᠶ᠎ᠡ ᠶᠢ ᠬᠠᠮᠤᠷᠤᠭᠰᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |