5 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ ᠭᠡᠭᠡᠨ ᠭᠤᠣᠯ | ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥᠯ | ᠵᠦᠢᠯ ᠢ ᠠᠬᠢᠭᠤᠯᠬᠤ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠲᠠ ᠶᠢᠨ ᠤᠳᠤᠷᠢᠳᠤᠯᠭ᠎ᠠ ᠵᠣᠣ ᠫᠧᠩ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠤᠯᠭᠤᠶᠠ ᠴᠡ ᠪᠤᠭᠤ ᠠᠶᠢᠮᠠᠭ ᠤᠨ ᠪᠠᠷᠠᠭᠤᠨ ᠡᠷᠦᠬᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠤᠨ ᠲᠤᠬᠠᠢ ᠰᠤᠳᠤᠯᠤᠨ ᠶᠠᠷᠢᠯᠴᠠᠵᠤ᠂ ᠲᠥᠷᠥᠯ ᠵᠦᠢᠯ ᠢ ᠬᠡᠷᠡᠭᠵᠢᠭᠦᠯᠬᠦ ᠠᠷᠭ᠎ᠠ ᠵᠠᠮ᠂ | ᠲᠤᠯᠭᠠᠷᠠᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠬᠢᠭᠤᠯᠬᠤ ᠲᠥᠯᠥᠪᠯᠡᠭᠡ ᠶᠢᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠪᠦᠬᠦ ᠬᠤᠳᠠ ᠪᠠᠷ ᠢᠶᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠷᠦᠯ ᠵᠦᠢᠯ ᠢ ᠲᠠᠲᠠᠬᠤ᠂ | ᠨᠠᠶᠢᠳᠠᠪᠤᠷᠢᠵᠢᠭᠤᠯᠬᠤ ᠪᠠ ᠪᠦᠳᠦᠭᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠶᠡᠷᠦᠩᠬᠡᠢ ᠳᠡᠭᠡᠨ ᠡᠮᠬᠢ ᠳᠢᠭᠯᠢᠮ ᠲᠠᠢ ᠪᠣᠯᠪᠠ᠃ ᠡᠭᠦᠨ ᠤ ᠬᠠᠮᠲᠤ᠂ ᠣᠳᠣᠬᠠᠨ ᠳᠤ ᠪᠠᠰᠠ ᠵᠠᠷᠢᠮ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ | ᠤᠳᠠᠭᠠᠨ᠂ ᠡᠯᠧᠮᠧᠨ᠋ᠲ ᠤᠨ ᠪᠠᠲᠤᠯᠠᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠦᠬᠦ ᠬᠤᠳᠠ ᠪᠠᠷ ᠢᠶᠠᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠰᠠᠨᠠᠭᠠᠴᠢᠯᠠᠭᠠᠲᠤ | ᠴᠢᠨᠠᠷ ᠢᠶᠠᠨ ᠦᠨᠡᠨ ᠬᠦ ᠴᠢᠩᠭᠠᠳᠬᠠᠵᠤ᠂ ᠦᠷᠳᠡᠭ ᠤᠨ ᠮᠠᠭᠠᠳᠯᠠᠯᠲᠠ ᠪᠣᠯᠤᠨ ᠦᠷ᠎ᠡ ᠠᠰᠢᠭ ᠤᠨ ᠦᠵᠡᠯᠲᠡ ᠪᠠᠨ ᠳᠡᠭᠡᠭᠰᠢᠯᠡᠭᠦᠯᠵᠦ᠂ ᠲᠦᠷᠦᠯ ᠵᠦᠢᠯ ᠢ ᠪᠣᠳᠠᠲᠠᠢ | ᠠᠳᠬᠤᠨ ᠪᠡᠯᠡ ᠣᠷᠣᠭᠤᠯᠤᠯᠲᠠ ᠶᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ | ᠬᠤᠷᠠᠯ ᠠᠴᠠ᠂ ᠬᠠᠷᠠᠯᠲᠠ ᠪᠠᠨ ᠲᠣᠭᠲᠠᠭᠠᠵᠤ᠂ ᠦᠷᠭᠦᠯᠵᠢᠯᠡᠨ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠤ ᠬᠠᠮᠠᠭᠠᠯᠠᠯᠲᠠ ᠶᠢ | ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠡᠭᠡᠨ ᠭᠤᠣᠯ ᠬᠤᠳᠠ ᠶᠢᠨ ᠳᠠᠪᠠᠭᠤᠯᠢᠭ ᠡᠬᠢ ᠪᠠᠶᠠᠯᠢᠭ ᠲᠠᠢ ᠨᠢᠭᠲᠠ ᠤᠶᠠᠯᠳᠤᠭᠤᠯᠵᠤ᠂ ᠠᠷᠠᠯᠵᠢᠶᠠᠴᠢᠨ | ᠤᠷᠢᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠴᠢᠨᠠᠷ | ᠰᠠᠶᠢᠲᠠᠢ ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠭᠤᠶᠠ ᠴᠡ ᠪᠤᠭᠤ ᠠᠶᠢᠮᠠᠭ ᠤᠨ ᠪᠠᠷᠠᠭᠤᠨ ᠡᠷᠦᠬᠡ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠭᠡᠮ ᠢ ᠠᠷᠢᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠤᠨ ᠴᠡᠭ᠂ | ᠬᠤᠷᠢᠭ᠎ᠠ ᠴᠡᠭ ᠤᠨ ᠠᠰᠠᠭᠤᠳᠠᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠨᠡᠪᠲᠡᠷᠡᠯᠴᠡᠨ ᠬᠠᠮᠵᠢᠯᠴᠠᠬᠤ ᠪᠠᠨ | ᠴᠢᠩᠭᠠᠳᠬᠠᠨ᠂ ᠰᠡᠳᠬᠢᠬᠦᠶ ᠪᠠᠨ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠤᠨ | ᠬᠤᠷᠳᠤᠴᠠ ᠶᠢ ᠬᠦᠴᠦᠯᠡᠨ ᠠᠬᠢᠭᠤᠯᠵᠤ᠂ ᠲᠥᠷᠥᠯ ᠵᠦᠢᠯ ᠤᠨ ᠥᠨᠳᠥᠷ ᠪᠦᠲᠦᠮᠵᠢᠲᠡᠶ ᠪᠠᠷ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠦᠷ᠎ᠡ | ᠠᠰᠢᠭ ᠢ ᠡᠷᠲᠡᠬᠡᠨ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ |