ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ | — ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠦᠭᠡ | ︵2025 ᠣᠨ ᠤ 6 ᠰᠠᠷ᠎ᠠ ᠶᠢᠨ 17 ᠤ ᠡᠳᠦᠷ᠂ ᠠᠰᠲ᠋ᠠᠨᠠ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠲᠦᠸᠧᠺᠠᠶᠧᠹ᠂ | ᠬᠠᠮᠲᠤ ᠠᠵᠢᠯᠯᠠᠭᠴᠢ᠂ ᠨᠠᠶᠢᠵᠠ ᠨᠠᠷ ᠠ᠋᠄ | ᠦᠵᠡᠰᠬᠦᠯᠡᠩᠲᠦ ᠰᠠᠶᠢᠬᠠᠨ ᠠᠰᠲ᠋ᠠᠨᠠ ᠳᠤ ᠢᠷᠡᠵᠦ᠂ ᠤᠯᠠᠨ ᠲᠠᠢ ᠬᠠᠮᠲᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠲᠦᠸᠧᠺᠠᠶᠧᠹ ᠪᠣᠯᠣᠨ ᠺᠠᠽᠠᠬᠰᠲ᠋ᠠᠠ ᠤ ᠵᠠᠰᠠᠭ ᠤᠨ | ᠣᠷᠳᠣᠨ ᠤ ᠳᠣᠲᠣᠨᠣᠰᠤᠭ ᠨᠢᠮᠪᠠᠢ ᠲᠣᠬᠢᠷᠠᠭᠤᠯᠤᠯᠲᠠ ᠳᠤ ᠲᠠᠯᠠᠷᠬᠠᠵᠤ ᠪᠠᠶᠢᠨ᠎ᠠ᠃ | ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ︽ᠰᠢ | ᠠᠨ ᠤ ᠠᠯᠤᠰ ᠤᠨ ᠲᠥᠰᠥᠪ︾ ᠢ ᠬᠠᠮᠲᠤ ᠪᠠᠷ ᠵᠢᠷᠤᠭᠯᠠᠪᠠ᠃ ᠪᠢᠳᠡᠨ ᠤ ᠬᠠᠮᠲᠤ ᠪᠠᠷ ᠵᠠᠶᠢᠯᠠᠭᠰᠠᠨ 6 ᠠᠨᠠᠷ ᠤᠨ ᠮᠣᠳᠣ ᠨᠢᠭᠡᠨᠲᠡ ᠰᠠᠯᠠᠭ᠎ᠠ ᠨᠠᠮᠠᠭ᠎ᠠ ᠰᠠᠬᠤᠯᠢᠭ | ᠤᠷᠭᠤᠵᠤ᠂ ᠵᠢᠷᠭᠤᠭᠠᠨ ᠤᠯᠤᠰ ᠤᠨ ᠬᠠᠮᠲᠤᠷᠠᠯᠴᠠᠭ᠎ᠠ ᠥᠷᠨᠢᠨ ᠴᠡᠴᠡᠭᠯᠡᠭᠰᠡᠨ ᠢ ᠪᠡᠯᠭᠡᠳᠡᠵᠦ ᠪᠠᠶᠢᠨ᠎ᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠠᠷᠠᠯᠵᠢᠶᠠᠨ ᠤ ᠲᠤᠭ᠎ᠠ 35% ᠪᠠᠷ ᠨᠡᠮᠡᠭᠳᠡᠵᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠪᠣᠬᠢᠷᠳᠤᠯ | ᠦᠭᠡᠢ ᠠᠭᠤᠷᠬᠠᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠠᠮᠲᠤᠷᠠᠯᠴᠠᠭ᠎ᠠ ᠢᠳᠡᠪᠬᠢᠲᠡᠢ ᠠᠬᠢᠪᠠ᠃ ᠳᠤᠮᠳᠠᠳᠤ ᠤᠯᠤᠰ ᠤᠨ | ᠬᠠᠩᠭᠠᠭᠰᠠᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥᠯ ᠵᠦᠢᠯ ᠤᠳ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠪᠠᠶᠢᠨ᠎ᠠ᠃ ᠤᠯᠠᠮ ᠠᠴᠠ ᠤᠯᠠᠨ ᠰᠢᠨ᠎ᠡ | ᠡᠨᠧᠷᠭᠢ ᠶᠢᠨ ᠮᠠᠰᠢᠨ ᠲᠡᠷᠭᠡ᠂ ᠭᠡᠷᠡᠯᠴᠢ ᠴᠡᠨᠡᠭ ᠵᠡᠷᠭᠡ ᠳᠤᠮᠳᠠᠳᠤ ᠤᠯᠤᠰ ᠤᠨ ᠦᠢᠯᠡᠳᠬᠦᠨ ᠳᠤᠮᠳᠠ ᠠᠽᠢᠶ᠎ᠠ ᠳᠤ ᠣᠷᠣᠵᠤ᠂ ᠪᠠᠯ᠂ ᠵᠢᠮᠢᠰ᠂ ᠪᠤᠭᠤᠳᠠᠢ᠂ | ᠵᠢᠭᠦᠷᠲᠡᠨ ᠤ ᠮᠢᠬ᠎ᠠ ᠵᠡᠷᠭᠡ ᠳᠤᠮᠳᠠ ᠠᠽᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡ ᠶᠢ | ᠪᠠᠶᠠᠯᠢᠭᠵᠢᠭᠤᠯᠤᠭᠰᠠᠨ ᠪᠠᠶᠢᠨ᠎ᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ — ᠺᠢᠷᠭᠢᠽᠰᠲ᠋ᠠᠨ — ᠦᠽᠪᠤᠺᠰᠲ᠋ᠠᠨ ᠤ ᠲᠡᠮᠦᠷ ᠵᠠᠮ ᠤᠨ ᠲᠦᠷᠦᠯ ᠵᠦᠢᠯ ᠵᠢᠩᠬᠢᠨᠢ ᠪᠠᠷ ᠡᠬᠢᠯᠡᠵᠦ᠂ | ᠳᠤᠮᠳᠠᠳᠤ ᠺᠠᠽᠠᠬᠰᠲ᠋ᠠᠨ ᠤ ᠭᠤᠷᠪᠠᠳᠤᠭᠠᠷ ᠵᠤᠷᠪᠤᠰ ᠲᠡᠮᠦᠷ ᠵᠠᠮ ᠤᠨ ᠲᠥᠯᠦᠪᠵᠢᠭᠦᠯᠭᠡ ᠲᠣᠭᠲᠠᠭᠤᠨ ᠢᠶᠠᠷ ᠠᠬᠢᠵᠤ᠂ ᠳᠤᠮᠳᠠᠳᠤ ᠲᠠᠵᠢᠺᠰᠲ᠋ᠠᠨ ᠤ ᠵᠠᠰᠠᠮᠠᠯ ᠵᠠᠮ ᠤᠨ | ᠬᠤᠶᠠᠳᠤᠭᠠᠷ ᠬᠤᠭᠤᠴᠠᠭᠠᠨ ᠤ ᠰᠡᠷᠭᠦᠭᠡᠨ ᠵᠠᠰᠠᠯᠲᠠ ᠤᠷᠤᠭᠰᠢᠲᠠᠢ ᠠᠬᠢᠵᠤ᠂ ᠳᠤᠮᠳᠠᠳᠤ ᠲᠦᠷᠺᠮᠧᠨ᠋ᠰᠲ᠋ᠠᠨ ᠤ ᠡᠨᠧᠷᠭᠢ ᠶᠢᠨ ᠬᠠᠮᠲᠤᠷᠠᠯᠴᠠᠭ᠎ᠠ ᠲᠣᠭᠲᠠᠭᠤᠨ ᠢᠶᠠᠷ | ᠥᠷᠨᠢᠵᠦ ᠪᠠᠶᠢᠨ᠎ᠠ᠃ ᠤᠯᠠᠮ ᠠᠴᠠ ᠤᠯᠠᠨ ᠳᠤᠮᠳᠠᠳᠤ ᠤᠯᠤᠰ ᠤᠨ ᠬᠤᠳᠠ ᠳᠤᠮᠳᠠ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠨᠠᠪᠲᠠᠷᠡᠭᠦᠯᠵᠦ᠂ ᠺᠠᠰᠫᠢ | ᠲᠠᠩᠭᠢᠰ ᠢ ᠠᠯᠤᠰᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠪᠣᠬᠢᠷᠳᠤᠯ | ᠦᠭᠡᠢ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠨᠢ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠪᠣᠯᠵᠤ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠵᠡᠷᠭᠡ | ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠭᠡᠯᠪᠡᠷᠢ ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ᠥᠷᠭᠡᠨ ᠤᠯᠠᠨ ᠠᠷᠠᠳ ᠲᠦᠮᠡᠨ ᠳᠤ | ᠠᠰᠢᠭ ᠬᠦᠷᠲᠡᠭᠡᠵᠦ ᠪᠠᠶᠢᠨ᠎ᠠ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠤᠯᠤᠰ ᠤᠳ ᠬᠠᠷᠢᠯᠴᠠᠨ ᠰᠣᠶᠣᠯ ᠤᠨ ᠲᠥᠪ ᠪᠠᠶᠢᠭᠤᠯᠵᠤ᠂ ᠳᠤᠮᠳᠠᠳᠤ | ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠣᠨ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠬᠤ ᠵᠡᠷᠭᠡ ᠲᠠᠯ᠎ᠠ ᠪᠠᠷ ᠠᠬᠢᠴᠠ ᠲᠠᠢ | ᠪᠣᠯᠵᠤ᠂ ᠳᠤᠮᠳᠠᠳᠤ ᠺᠠᠽᠠᠬᠰᠲ᠋ᠠᠨ᠂ ᠳᠤᠮᠳᠠᠳᠤ ᠦᠽᠪᠤᠺᠰᠲ᠋ᠠᠨ ᠬᠠᠷᠢᠯᠴᠠᠨ ᠸᠢᠰᠠ ᠠᠴᠠ ᠬᠡᠯᠲᠦᠷᠢᠭᠦᠯᠬᠦ ᠶᠢ ᠪᠡᠶᠡᠯᠡᠭᠦᠯᠵᠦ᠂ ᠨᠢᠳᠤᠨᠤᠨ ᠵᠥᠪᠭᠡᠨ ᠳᠤᠮᠳᠠᠳᠤ | ᠺᠠᠽᠠᠬᠰᠲ᠋ᠠᠨ ᠤ ᠬᠥᠮᠥᠰ ᠤᠨ ᠶᠠᠪᠤᠯᠴᠠᠭ᠎ᠠ 120 ᠲᠦᠮᠡᠨ ᠬᠥᠮᠥᠨ ᠤᠳᠠᠭ᠎ᠠ ᠶᠢ ᠳᠠᠪᠠᠵᠠᠢ᠃ ᠳᠤᠮᠳᠠ ᠠᠽᠢᠶ᠎ᠠ ᠶᠢᠨ ᠤᠯᠤᠰ ᠤᠳ ᠤᠨ ᠵᠢᠭᠤᠯᠴᠢᠯᠠᠯ ᠤᠨ ᠣᠨ᠂ | ᠰᠣᠶᠣᠯ ᠤᠨ ᠣᠨ᠂ ᠤᠷᠠᠯᠢᠭ ᠤᠨ ᠨᠠᠶᠢᠷ ᠳᠤᠮᠳᠠᠳᠤ ᠤᠯᠤᠰ ᠲᠤ ᠥᠷᠭᠡᠨ ᠢᠶᠠᠷ ᠬᠦᠷᠢᠶᠡᠯᠡᠭᠳᠡᠵᠦ᠂ ︽ᠠᠭᠤᠯᠠ ᠤᠰᠤᠨ ᠤ ᠬᠠᠶᠢᠷ᠎ᠠ︾᠂ ︽ᠮᠢᠨᠤ ᠠᠯᠲᠠᠢ︾ | ᠵᠡᠷᠭᠡ ᠳᠤᠮᠳᠠᠳᠤ ᠤᠯᠤᠰ ᠤᠨ ᠺᠢᠨᠣ᠋ ᠲᠧᠯᠸᠢᠰ ᠤᠨ ᠪᠦᠲᠦᠭᠡᠯ ᠳᠤᠮᠳᠠ ᠠᠽᠢᠶ᠎ᠠ ᠳᠤ ᠠᠯᠳᠠᠷᠰᠢᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠰᠣᠶᠣᠯ | ᠢᠷᠭᠡᠨᠰᠢᠯ ᠤᠨ ᠵᠢᠭᠤᠯᠴᠢᠯᠠᠯ ᠤᠨ ᠵᠢᠰᠢᠶᠠᠨ ᠤ ᠭᠠᠯᠲᠤ ᠲᠡᠷᠭᠡ ᠠᠮᠵᠢᠯᠲᠠᠲᠠᠢ ᠪᠠᠷ ᠠᠶᠠᠨ ᠢᠶᠠᠨ ᠡᠬᠢᠯᠡᠭᠦᠯᠪᠡ᠃ ᠥᠨᠥᠳᠥᠷ᠂ ᠪᠢᠳᠡ ᠳᠤᠮᠳᠠᠳᠤ ᠤᠯᠤᠰ ᠪᠣᠯᠣᠨ | ᠳᠤᠮᠳᠠ ᠠᠽᠢᠶ᠎ᠠ ᠶᠢᠨ ᠨᠥᠭᠦᠷᠰᠡᠭ ᠬᠤᠲᠠ 100 ᠬᠤᠣᠰ ᠢ ᠳᠠᠪᠠᠭᠰᠠᠨ ᠢ ᠭᠡᠷᠡᠴᠢᠯᠡᠨ᠎ᠡ᠃ | ᠬᠤᠶᠠᠷ ᠵᠢᠯ ᠤᠨ ᠲᠤᠷᠰᠢ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ 13 ᠶᠠᠮᠤᠨ ᠤ ᠲᠠᠰ ᠤᠨ ᠬᠠᠮᠲᠤᠷᠠᠯᠴᠠᠭᠠᠨ ᠤ ᠲᠠᠪᠴᠠᠩ ᠢ | ᠪᠠᠶᠢᠭᠤᠯᠵᠤ᠂ ᠨᠠᠷᠢᠨ ᠪᠢᠴᠢᠭ ᠤᠨ ᠭᠠᠵᠠᠷ ᠪᠦᠭᠦ ᠲᠠᠯ᠎ᠠ ᠪᠠᠷ ᠠᠵᠢᠯᠯᠠᠵᠤ᠂ ᠨᠢᠷᠤᠭᠤ ᠲᠤᠯᠭᠠᠭᠤᠷᠢ ᠦᠨᠳᠦᠰᠦᠨ ᠳᠡᠭᠡᠨ ᠪᠦᠷᠢᠯᠳᠦᠪᠡ᠃ | ᠮᠢᠩᠭᠠᠨ ᠣᠨ ᠤ ᠡᠷᠲᠡᠨ ᠤ ᠨᠡᠶᠢᠰᠯᠡᠯ ᠰᠢ ᠠᠨ ᠠᠴᠠ ᠲᠠᠯ᠎ᠠ ᠨᠤᠲᠤᠭ ᠤᠨ ᠬᠡᠷᠡᠯᠳᠦ ᠰᠤᠪᠤᠳ ᠠᠰᠲ᠋ᠠᠨᠠ ᠭᠦᠷᠲᠡᠯ᠎ᠡ᠂ ᠰᠢᠷ᠎ᠠ ᠲᠠᠩᠭᠢᠰ ᠤᠨ ᠬᠥᠪᠡᠭᠡᠨ ᠠᠴᠠ | ᠺᠠᠰᠫᠢ ᠲᠠᠩᠭᠢᠰ ᠤᠨ ᠭᠦᠪᠡᠭᠡ ᠭᠦᠷᠲᠡᠯ᠎ᠡ᠂ ᠲᠡᠭᠷᠢ ᠠᠭᠤᠯᠠ ᠶᠢᠨ ᠡᠮᠦᠨ᠎ᠡ ᠤᠮᠠᠷ᠎ᠠ ᠠᠴᠠ ᠫᠠᠮᠢᠷ ᠤᠨ ᠥᠨᠳᠦᠷᠯᠢᠭ ᠭᠦᠷᠲᠡᠯ᠎ᠡ᠂ ᠠᠩᠬᠠᠳᠤᠭᠠᠷ ᠬᠤᠭᠤᠴᠠᠭᠠᠨ ᠤ | ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠠᠮᠲᠤᠷᠠᠯᠴᠠᠭᠠᠨ ᠤ ᠵᠠᠮ ᠶᠠᠪᠤᠬᠤ ᠳᠤᠳᠤᠮ ᠥᠷᠭᠡᠵᠢᠵᠦ᠂ ᠨᠥᠬᠦᠷᠯᠡᠯ ᠤᠨ ᠴᠡᠴᠡᠭ ᠶᠠᠪᠤᠬᠤ ᠳᠤᠳᠤᠮ ᠭᠢᠯᠠᠯᠵᠠᠨ ᠳᠡᠯᠭᠡᠷᠡᠵᠦ ᠪᠠᠶᠢᠬᠤ ᠶᠢ ᠪᠢ ᠣᠯᠵᠤ ᠬᠠᠷᠠᠭᠠᠳ | ᠮᠠᠰᠢ ᠪᠠᠶᠠᠷ ᠲᠠᠢ ᠪᠠᠶᠢᠨ᠎ᠠ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ ᠦᠨᠳᠦᠰᠦᠯᠡᠵᠦ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ | ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ ᠰᠢᠨ᠎ᠡ ᠴᠠᠭ ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠳᠡᠭᠦ ᠠᠴᠠ ᠪᠣᠯᠵᠤ | ᠬᠥᠭᠵᠢᠪᠡ᠃ ᠤᠷᠳᠤ ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ ᠬᠦᠷᠲᠡᠭᠡᠬᠦ | ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ ᠠᠬᠢᠭᠤᠯᠬᠤ︾ ᠪᠦᠬᠦᠢ ︽ᠳᠤᠮᠳᠠᠳᠤ ᠤᠯᠤᠰ — | ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ ᠪᠦᠷᠢᠯᠳᠦᠭᠦᠯᠪᠡ᠃ | — ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ ᠭᠡᠵᠦ ᠢᠯᠭᠠᠯ ᠦᠭᠡᠢ ᠨᠢᠭᠡ ᠯᠡ ᠠᠳᠠᠯᠢ ᠪᠠᠷ | ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠪᠠ᠃ | — ᠢᠲᠡᠭᠡᠯᠴᠡᠭᠡ ᠪᠠᠨ ᠭᠦᠨᠵᠡᠭᠡᠶᠢᠷᠡᠭᠦᠯᠬᠦ᠂ ᠲᠠᠭᠤᠨ ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠲᠤᠰᠠᠭᠠᠷ ᠲᠣᠭᠲᠠᠨᠢᠯ᠂ | ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠦᠯᠤ ᠬᠢᠪᠡ᠃ | — ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠷᠢᠯᠴᠠᠨ ᠤᠷᠢᠳ ᠢᠶᠠᠷ ᠪᠣᠳᠣᠯᠬᠢᠯᠠᠬᠤ ᠬᠠᠨᠢᠲᠠᠨ | ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠯᠠᠨ ᠠᠰᠢᠭ | ᠬᠦᠷᠲᠡᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠪᠡ᠃ | — ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ | ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ | ᠠᠶᠤᠯ ᠲᠦᠭᠰᠢᠭᠦᠷᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ | ᠬᠠᠮᠠᠭᠠᠯᠠᠪᠠ᠃ | ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ ᠨᠥᠭᠦᠷᠰᠡᠭ ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ | ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠦᠶ᠎ᠡ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ | ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ ᠲᠥᠪ ᠭᠤᠣᠯᠴᠢ ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠡᠷᠴᠢ ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ | ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠬᠤ ᠦᠭᠡᠢ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ ᠬᠥᠨᠥᠭᠡᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃ | ᠲᠡᠦᠬᠡ ᠬᠤᠶᠢᠰᠢ ᠤᠬᠤᠷᠢᠵᠤ ᠪᠤᠯᠬᠤ ᠦᠭᠡᠢ᠂ ᠤᠷᠤᠭᠰᠢᠯᠠᠬᠤ ᠭᠡᠷᠡᠭᠲᠡᠢ︔ ᠳᠡᠯᠡᠭᠡᠢ ᠶᠢᠷᠲᠢᠨᠴᠦ ᠬᠠᠭᠠᠴᠠᠵᠤ ᠪᠤᠯᠬᠤ ᠦᠭᠡᠢ᠂ ᠪᠦᠯᠬᠦᠮᠳᠡᠪᠡᠯ ᠵᠤᠭᠢᠨ᠎ᠠ︔ | ᠭᠦᠮᠦᠨ ᠲᠥᠷᠥᠯᠬᠢᠲᠡᠨ ᠪᠠᠯᠠᠷ ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠪᠠᠯ ᠵᠣᠬᠢᠨ᠎ᠠ ᠭᠡᠵᠦ ᠪᠢ ᠵᠣᠷᠢᠭᠰᠠᠭᠠᠷ ᠢᠷᠡᠵᠠᠢ᠃ | 3 ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠬᠠᠮᠲᠤ ᠪᠠᠷ | ᠨᠡᠶᠢᠲᠡᠯᠡᠵᠦ᠂ ᠵᠢᠷᠭᠤᠭᠠᠨ ᠤᠯᠤᠰ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠥᠷᠢᠰᠦᠯᠳᠦᠭᠡᠨ ᠢ ᠢᠯᠠᠨ ᠳᠠᠪᠠᠭ᠋ᠤ᠂ ᠬᠥᠭᠵᠢᠯᠲᠡ ᠶᠢ ᠬᠠᠮᠲᠤ ᠪᠠᠷ | ᠡᠷᠢᠯᠬᠢᠯᠡᠬᠦ ᠳᠤ ᠬᠠᠷᠠᠯᠲᠠ ᠪᠠ ᠴᠢᠭᠯᠡᠯ ᠢ ᠲᠣᠳᠣᠷᠬᠠᠢ ᠵᠢᠭᠠᠵᠤ ᠥᠭᠪᠡ᠃ ᠪᠢᠳᠠ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ | ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ ᠪᠠᠷ ᠬᠠᠮᠲᠤᠷᠠᠯᠴᠠᠭ᠎ᠠ ᠪᠠᠨ | ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠶ᠎ᠠ᠃ | ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ ᠰᠠᠬᠢᠶ᠎ᠠ᠃ ᠳᠤᠮᠳᠠᠳᠤ ᠤᠯᠤᠰ ᠢᠮᠠᠭᠲᠠ ᠳᠤᠮᠳᠠ | ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ | ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ | ᠠᠽᠢᠶ᠎ᠠ ᠶᠢᠨ ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ ᠨᠥᠭᠦᠷᠰᠡᠭ ᠪᠠᠶᠢᠵᠤ᠂ ᠬᠥᠷᠰᠢ | ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ᠃ | ᠥᠨᠥᠳᠥᠷ ᠪᠢᠳᠡ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ ᠬᠠᠮᠲᠤ ᠪᠠᠷ ᠭᠠᠷ ᠤᠨ ᠦᠰᠦᠭ ᠵᠢᠷᠤᠵᠤ | ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ ᠴᠠᠭᠠᠵᠠ ᠶᠢᠨ ᠭᠡᠯᠪᠡᠷᠢ ᠪᠠᠷ ᠲᠣᠭᠲᠠᠪᠤᠷᠢᠵᠢᠭᠤᠯᠤᠨ᠎ᠠ᠃ ᠡᠨᠡ ᠪᠣᠯ ᠵᠢᠷᠭᠤᠭᠠᠨ ᠤᠯᠤᠰ ᠤᠨ | ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠪᠡᠯᠭᠡ ᠲᠡᠮᠳᠡᠭ ᠮᠥᠨ᠂ ᠪᠠᠰᠠ ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ | ᠡᠭᠦᠳᠦᠯᠲᠡ ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠲᠠᠢ ᠶᠤᠮ᠃ | ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ᠲᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ | ᠬᠥᠭᠵᠢᠯᠲᠡ ᠶᠢᠨ ᠣᠨ︾ ᠪᠤᠯᠭᠠᠬᠤ ᠪᠠᠷ ᠵᠥᠪᠳᠡᠯᠴᠡᠨ ᠲᠣᠭᠲᠠᠪᠠ᠃ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠬᠥᠮᠥᠰ ᠤᠨ ᠶᠠᠪᠤᠯᠴᠠᠭ᠎ᠠ | ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠲᠦᠷᠦᠯ ᠵᠦᠢᠯ ᠢ ᠬᠡᠷᠡᠭᠵᠢᠭᠦᠯᠵᠦ᠂ ᠡᠷᠲᠡᠬᠡᠨ ᠠᠮᠵᠢᠯᠲᠠ ᠣᠯᠬᠤ ᠪᠠᠷ ᠴᠢᠷᠮᠠᠶᠢᠶ᠎ᠠ᠃ | ᠳᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠥᠭᠵᠢᠯᠲᠡ ᠶᠢᠨ ᠲᠤᠷᠰᠢᠯᠭ᠎ᠠ ᠪᠣᠯᠣᠨ ᠬᠠᠮᠤᠭ ᠤᠨ ᠰᠢᠨ᠎ᠡ ᠮᠡᠷᠭᠡᠵᠢᠯ ᠤᠨ ᠦᠷ᠎ᠡ | ᠪᠦᠲᠦᠭᠡᠯ ᠢ ᠬᠠᠮᠲᠤ ᠪᠠᠷ ᠡᠳ᠋ᠯᠡᠵᠦ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠣᠬᠢᠶᠠᠮᠠᠯ ᠤᠶᠤᠨ | ᠴᠢᠳᠠᠪᠤᠷᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠎ᠠ᠃ | ᠬᠤᠯᠪᠣᠭᠳᠠᠯ ᠪᠦᠬᠦᠢ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ | ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠤᠷᠭᠠᠨ ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ | ᠶᠡᠭᠡ ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠲᠣᠭᠲᠠᠪᠠ᠃ ᠳᠤᠮᠳᠠᠳᠤ | ᠤᠯᠤᠰ ᠳᠤᠷᠠᠲᠠᠶ᠎ᠠ ᠡᠨᠡ ᠵᠢᠯ ᠳᠤᠮᠳᠠ ᠠᠽᠢᠶ᠎ᠠ ᠶᠢᠨ ᠤᠯᠤᠰ ᠤᠳ ᠲᠤ 15 ᠳ᠋ᠦᠩᠰᠢᠭᠤᠷ ᠲᠥᠭᠦᠷᠢᠭ ᠤᠨ ᠲᠥᠯᠥᠪᠦᠷᠢ ᠦᠭᠡᠢ ᠲᠤᠰᠠᠯᠠᠮᠵᠢ ᠬᠠᠩᠭᠠᠵᠤ᠂ ᠡᠯ᠎ᠡ | ᠤᠯᠤᠰ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠪᠠ ᠬᠥᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠳᠤ ᠭᠡᠷᠡᠭᠯᠡᠨ᠎ᠡ︔ ᠲᠤᠷᠠᠳᠠᠶ᠎ᠠ ᠢᠷᠡᠬᠦ ᠬᠤᠶᠠᠷ | ᠵᠢᠯ ᠳᠤ ᠳᠤᠮᠳᠠ ᠠᠽᠢᠶ᠎ᠠ ᠶᠢᠨ ᠤᠯᠤᠰ ᠤᠳ ᠲᠤ 3000 ᠪᠣᠯᠪᠠᠰᠤᠷᠠᠯ ᠤᠨ ᠣᠷᠣᠨ ᠲᠤᠭ᠎ᠠ ᠬᠠᠩᠭᠠᠨ᠎ᠠ᠃ | ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠶ᠎ᠠ᠃ ᠪᠢᠳᠡ | ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ ᠢ ᠭᠠᠷ ᠬᠤᠯᠪᠣᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ᠂ | ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ | ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠬᠠᠤᠯᠢ ᠬᠡᠷᠡᠭᠵᠢᠭᠦᠯᠦᠯᠲᠡ ᠶᠢᠨ ᠠᠮᠤᠷ | ᠲᠦᠪᠰᠢᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ᠂ ᠳᠤᠷᠠᠲᠠᠶ᠎ᠠ ᠡᠯ᠎ᠡ ᠤᠯᠤᠰ ᠤᠨ ᠰᠦᠷᠳᠡᠭᠦᠯᠬᠦ ᠦᠵᠡᠯ ᠪᠠ | ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠣᠣᠷ ᠰᠦᠯᠵᠢᠶ᠎ᠡ ᠪᠠ ᠠᠮᠢᠳᠤ ᠪᠣᠳᠠᠰ ᠤᠨ ᠠᠮᠤᠷ | ᠲᠦᠪᠰᠢᠨ ᠢ ᠬᠠᠮᠠᠭᠠᠯᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠨᠡᠩ ᠤᠯᠠᠨ ᠠᠮᠤᠷ ᠠᠮᠤᠭᠤᠯᠠᠩ ᠬᠤᠲᠠ ᠶᠢᠨ ᠲᠦᠷᠦᠯ ᠵᠦᠢᠯ ᠪᠠ | ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ᠃ | ᠠᠹᠭᠠᠨᠢᠰᠲ᠋ᠠᠨ ᠪᠣᠯ ᠪᠢᠳᠡᠨ ᠤ ᠬᠥᠷᠰᠢ ᠮᠥᠨ᠃ ᠪᠢᠳᠡ ᠬᠠᠮᠵᠢᠯᠴᠠᠭ᠎ᠠ ᠪᠠᠨ ᠴᠢᠩᠭᠠᠳᠬᠠᠵᠤ᠂ ᠠᠹᠭᠠᠨᠢᠰᠲ᠋ᠠᠨ ᠢ ᠬᠠᠪᠰᠤᠷᠤᠨ ᠪᠡᠶ᠎ᠡ ᠪᠠᠨ ᠳᠠᠭᠠᠭᠠᠵᠤ ᠬᠥᠭᠵᠢᠬᠦ | ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠩᠬᠡ ᠲᠠᠶᠢᠪᠤᠩ ᠲᠣᠭᠲᠠᠭᠤᠨ ᠪᠠᠶᠢᠳᠠᠯ ᠪᠠ ᠳᠠᠭᠢᠨ ᠪᠦᠲᠦᠭᠡᠨ ᠪᠠᠶᠢᠭᠤᠯᠵᠤ ᠬᠥᠭᠵᠢᠭᠦᠯᠬᠦ ᠶᠢ ᠡᠷᠲᠡᠬᠡᠨ ᠪᠡᠶᠡᠯᠡᠭᠦᠯᠦᠶ᠎ᠡ᠃ | ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ ᠰᠣᠶᠣᠯ ᠢᠷᠭᠡᠨᠰᠢᠯ ᠤᠨ ᠬᠤᠯᠪᠣᠭᠠᠰᠤ ᠶᠢ | ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ | ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠵᠦ᠂ ᠪᠣᠬᠢᠷᠳᠤᠯ ᠦᠭᠡᠢ ᠬᠥᠭᠵᠢᠯᠲᠡ᠂ ᠶᠠᠳᠠᠭᠤ ᠬᠦᠴᠢᠷᠳᠡᠯ ᠲᠠᠢ ᠬᠥᠮᠥᠰ ᠢ ᠴᠥᠭᠡᠳᠬᠡᠬᠦ᠂ ᠢᠯᠵᠢᠷᠡᠯ ᠢ | ᠡᠰᠡᠷᠭᠦᠴᠡᠬᠦ ᠵᠡᠷᠭᠡ ᠲᠤᠷᠰᠢᠯᠭ᠎ᠠ ᠶᠢ ᠬᠤᠪᠢᠶᠠᠯᠴᠠᠨ᠎ᠠ᠃ | ᠳᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠳᠤ ᠨᠡᠩ ᠤᠯᠠᠨ ᠰᠣᠶᠣᠯ ᠤᠨ ᠲᠥᠪ᠂ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ | ᠯᠦ ᠪᠠᠨ ᠤ ᠦᠢᠯᠡᠳᠬᠡᠯ ᠤᠨ ᠭᠠᠵᠠᠷ ᠢ ᠪᠠᠶᠢᠭᠤᠯᠵᠤ᠂ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠳᠤᠮᠳᠠ ᠠᠽᠢᠶ᠎ᠠ ᠶᠢᠨ ᠬᠡᠯᠡᠨ ᠤ ᠲᠤᠰᠬᠠᠢ | ᠮᠡᠷᠭᠡᠵᠢᠯ ᠢ ᠨᠡᠮᠡᠨ ᠲᠣᠬᠢᠷᠠᠭᠤᠯᠵᠤ᠂ ︽ᠳᠤᠮᠳᠠᠳᠤ ᠤᠯᠤᠰ — ᠳᠤᠮᠳᠠ ᠠᠽᠢᠶ᠎ᠠ ᠶᠢᠨ ᠮᠡᠷᠭᠡᠵᠢᠯ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠲᠥᠯᠥᠪᠯᠡᠭᠡ︾ ᠶᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ | ᠬᠥᠮᠥᠵᠢᠭᠦᠯᠵᠦ ᠥᠭᠭᠦᠨ᠎ᠡ᠃ | ᠳᠤᠮᠳᠠᠳᠤ ᠤᠯᠤᠰ ᠠᠴᠠ ᠳᠤᠮᠳᠠᠳᠤ ᠤᠯᠤᠰ ᠳᠤᠮᠳᠠ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ ᠨᠥᠭᠦᠷᠰᠡᠭ | ᠬᠤᠲᠠ ᠶᠢᠨ ᠶᠠᠪᠤᠯᠴᠠᠭ᠎ᠠ ᠪᠠᠷ ᠬᠥᠭᠦᠷᠭᠡ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠷ ᠭᠠᠷᠳᠠᠴᠠ ᠪᠤᠯᠭᠠᠵᠤ᠂ ᠲᠥᠪ ᠠᠴᠠ ᠣᠷᠣᠨ ᠨᠤᠲᠤᠭ ᠭᠦᠷᠲᠡᠯ᠎ᠡ᠂ | ᠠᠯᠪᠠᠨ ᠤ ᠲᠠᠯ᠎ᠠ ᠠᠴᠠ ᠠᠷᠠᠳ ᠤᠨ ᠳᠤᠮᠳᠠ ᠭᠦᠷᠲᠡᠯ᠎ᠡ᠂ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠨᠡᠩ ᠥᠷᠭᠡᠨ ᠣᠷᠣᠨ ᠪᠦᠰᠡ ᠭᠦᠷᠲᠡᠯ᠎ᠡ ︽ | ᠰᠡᠳᠬᠢᠯ ᠢᠶᠠᠨ ᠬᠤᠯᠪᠣᠬᠤ︾ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ᠃ | ᠥᠨᠥᠳᠥᠷ ᠪᠠᠲᠤᠯᠠᠭᠰᠠᠨ ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ | ᠵᠢᠷᠭᠤᠭᠠᠨ ᠤᠯᠤᠰ ᠤᠨ ᠠᠷᠠᠳ ᠣᠯᠠᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠤᠯᠭᠠᠵᠤ᠂ ᠲᠥᠷᠥᠯ ᠰᠠᠳᠤᠨ ᠰᠢᠭ᠋ | ᠦᠷᠭᠦᠯᠵᠢ ᠶᠠᠪᠤᠯᠴᠠᠵᠤ᠂ ᠶᠠᠪᠤᠬᠤ ᠲᠤᠲᠤᠮ ᠳᠣᠲᠣᠨᠣ ᠪᠤᠯᠬᠤ ᠶᠢ ᠬᠦᠰᠡᠵᠦ ᠪᠠᠶᠢᠨ᠎ᠠ᠃ | ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠶ᠎ᠠ᠃ ᠳᠤᠮᠳᠠᠳᠤ | ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠳᠡᠯᠡᠬᠡᠢ ᠶᠢᠨ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠳᠡᠮᠵᠢᠵᠦ᠂ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ | ᠲᠦᠷᠦ ᠶᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠢᠳᠡᠪᠬᠢᠲᠡᠢ ᠠᠬᠢᠭᠤᠯᠤᠨ᠎ᠠ᠃ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ | ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ ᠬᠠᠲᠠᠭᠤᠵᠢᠯᠲᠠᠢ | ᠲᠠᠶᠢᠨ ᠤ ᠣᠨ ᠵᠢᠯ ᠤᠳ ᠲᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ ᠲᠡᠮᠵᠢᠵᠤ᠂ ᠵᠢᠷᠭᠠᠯ | ᠵᠣᠪᠠᠯᠠᠩ ᠢᠶᠠᠨ ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ | ᠪᠢᠳᠡ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ | ᠭᠠᠷᠤᠭᠰᠠᠨ ᠴᠤ᠂ ᠳᠤᠮᠳᠠᠳᠤ ᠤᠯᠤᠰ ᠢᠮᠠᠭᠲᠠ ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠷᠠᠲᠠᠶ᠎ᠠ ᠳᠤᠮᠳᠠ ᠠᠽᠢᠶ᠎ᠠ ᠶᠢᠨ | ᠤᠯᠤᠰ ᠤᠳ ᠲᠠᠢ ᠨᠡᠩ ᠴᠢᠨᠠᠷ ᠰᠠᠶᠢᠲᠠᠢ ᠬᠠᠮᠲᠤᠷᠠᠯᠴᠠᠭ᠎ᠠ ᠥᠷᠨᠢᠭᠦᠯᠵᠦ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠶᠢᠨ | ᠬᠥᠭᠵᠢᠯᠲᠡ ᠶᠢ ᠪᠡᠶᠡᠯᠡᠭᠦᠯᠦᠨ᠎ᠡ᠃ | ᠬᠠᠮᠲᠤ ᠠᠵᠢᠯᠯᠠᠭᠴᠢ᠂ ᠨᠠᠶᠢᠵᠠ ᠨᠠᠷ ᠠ᠋︕ | ᠳᠤᠮᠳᠠᠳᠤ ᠤᠯᠤᠰ ᠤᠨ ᠡᠷᠲᠡᠨ ᠤ ᠮᠡᠷᠭᠡᠳ᠄ ︽ᠬᠠᠷᠢᠯᠴᠠᠨ ᠬᠠᠶᠢᠷᠠᠯᠠᠪᠠᠰᠤ ᠬᠠᠷᠢᠯᠴᠠᠨ ᠠᠰᠢᠭ ᠬᠦᠷᠲᠡᠭᠡᠮᠦᠢ︾ ᠬᠡᠮᠡᠨ ᠶᠠᠷᠢᠳᠠᠭ᠃ ᠳᠤᠮᠳᠠ ᠠᠽᠢᠶ᠎ᠠ ᠳᠤ | ᠪᠠᠰᠠ᠄ ︽ᠡᠶ᠎ᠡ ᠨᠠᠶᠢᠷᠠᠮᠳᠠᠭᠤ ᠪᠠ ᠪᠦᠯᠬᠦᠮᠳᠡᠯ ᠪᠣᠯ ᠳᠠᠷᠤᠢ ᠵᠣᠯ ᠵᠢᠷᠭᠠᠯ ᠪᠠ ᠡᠳ᠋ ᠪᠠᠶᠠᠯᠢᠭ ᠮᠥᠨ︾ ᠭᠡᠬᠦ ᠵᠦᠢᠷ ᠦᠭᠡ ᠪᠠᠶᠢᠳᠠᠭ᠃ ᠳᠤᠮᠳᠠᠳᠤ ᠤᠯᠤᠰ | ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠷᠠᠯᠲᠠ ᠶᠢ ᠲᠣᠭᠲᠠᠭᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ | ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ︕ | ᠲᠠ ᠪᠦᠭᠦᠨ ᠳᠤ ᠪᠠᠶᠠᠷᠯᠠᠯ᠎ᠠ᠃ |