ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠰᠦᠨ ᠬᠤᠤ ᠵᠧᠩ ᠢᠦᠢ︶ ᠲᠤᠬᠠᠢ ᠶᠢᠨ | ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠤ ᠲᠠᠵᠢᠺᠰᠲ᠋ᠠᠨ ᠤ ᠶᠡᠷᠦᠩᠬᠡᠶᠢᠯᠡᠭᠴᠢ | ᠯᠠᠾᠧᠮᠧᠩ ᠲᠠᠢ ᠠᠭᠤᠯᠵᠠᠪᠠ᠃ | | | | ᠰᠢ ᠶᠢᠨ ᠫᠢᠩ᠂ ᠨᠢᠳᠤᠨᠤᠨ ᠪᠢ ᠲᠠᠵᠢᠺᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠳᠤᠮᠳᠠᠳᠤ ᠲᠠᠵᠢᠺᠰᠲ᠋ᠠᠨ ᠤ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠬᠠᠮᠲᠤ ᠪᠠᠷ ᠨᠡᠶᠢᠲᠡᠯᠡᠭᠰᠡᠨ ᠪᠥᠭᠡᠳ | ᠬᠤᠶᠠᠷ ᠤᠯᠤᠰ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠳᠤ ᠰᠢᠨ᠎ᠡ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠡᠢ᠂ ᠬᠤᠶᠠᠷ ᠲᠠᠯ᠎ᠠ ᠪᠠᠷ ᠢᠶᠠᠨ ᠱᠠᠯᠠᠪᠳᠠᠭᠤᠯᠤᠨ | ᠨᠠᠶᠢᠳᠠᠪᠤᠷᠢᠵᠢᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠵᠤ᠂ ᠳᠤᠮᠳᠠᠳᠤ ᠲᠠᠵᠢᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠴᠢᠨᠠᠷ ᠰᠠᠶᠢᠲᠠᠢ ᠪᠠᠶᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠪᠣᠯ ᠲᠠᠵᠢᠺᠰᠲ᠋ᠠᠨ ᠤ ᠨᠠᠶᠢᠳᠠᠪᠤᠷᠢᠲᠠᠢ ᠬᠥᠷᠰᠢ ᠤᠯᠤᠰ ᠪᠠ ᠬᠠᠨᠢᠲᠠᠨ ᠮᠥᠨ᠂ ᠲᠠᠵᠢᠺᠰᠲ᠋ᠠᠨ ᠤ ᠤᠯᠤᠰ ᠤᠨ ᠲᠤᠰᠠᠭᠠᠷ | ᠲᠣᠭᠲᠠᠨᠢᠯ᠂ ᠡᠷᠬᠡ ᠮᠡᠳᠡᠯ᠂ ᠠᠮᠤᠷ ᠲᠦᠪᠰᠢᠨ ᠢᠶᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠲᠠᠵᠢᠺᠰᠲ᠋ᠠᠨ ᠤ ᠭᠠᠳᠠᠭᠠᠳᠤ | ᠶᠠᠪᠤᠳᠠᠯ ᠤᠨ ᠶᠠᠮᠤᠨ ᠤ ᠰᠠᠶᠢᠳ ᠤᠨ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠵᠣᠬᠢᠴᠠᠭᠤᠯᠤᠨ ᠠᠭᠢᠭᠤᠯᠤᠶ᠎ᠠ︔ ᠬᠤᠶᠠᠷ ᠲᠠᠯ᠎ᠠ ᠶᠢᠨ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ | ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠤᠶᠠ︔ ᠺᠦᠩᠽᠢ ᠳᠡᠭᠡᠳᠦ ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ᠂ ᠬᠢᠲᠠᠳ ᠡᠮ ᠡᠮᠨᠡᠯᠭᠡ ᠶᠢᠨ ᠲᠥᠪ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠡ ᠵᠢᠯ ᠤᠨ ᠨᠠᠮᠤᠷ ᠳᠠᠵᠢᠺᠰᠲ᠋ᠠᠨ ᠳᠤ ᠶᠠᠪᠤᠭᠳᠠᠬᠤ ︽ᠳᠤᠮᠳᠠᠳᠤ ᠤᠯᠤᠰ ᠤᠨ ᠰᠣᠶᠣᠯ ᠤᠨ ᠡᠳᠦᠷ︾ ᠢ ᠰᠠᠶᠢᠲᠤᠷ | ᠡᠷᠭᠢᠯᠡᠶᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ︽ᠭᠤᠷᠪᠠᠨ ᠵᠦᠢᠯ ᠤᠨ ᠬᠦᠴᠦᠨ︾ ᠳᠤ | ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠶ᠎ᠠ᠃ ᠳᠤᠮᠳᠠᠳᠤ ᠲᠠᠵᠢᠺᠰᠲ᠋ᠠᠨ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠬᠠᠮᠠᠭᠠᠯᠠᠬᠤ ᠪᠠ ᠤᠯᠠᠨ | ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠬᠤ ᠲᠠᠯ᠎ᠠ ᠪᠠᠷ ᠬᠠᠮᠲᠤ ᠶᠢᠨ ᠠᠰᠢᠭ ᠲᠤᠰᠠ ᠲᠠᠢ ᠶᠤᠮ᠂ ᠳᠤᠮᠳᠠᠳᠤ ᠤᠯᠤᠰ — ᠳᠤᠮᠳᠠ | ᠠᠽᠢᠶ᠎ᠠ ᠶᠢᠨ ᠬᠠᠮᠲᠤᠷᠠᠯᠴᠠᠭ᠎ᠠ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ | ᠲᠠᠵᠢᠺᠰᠲ᠋ᠠᠨ ᠤ ᠬᠢᠨ ᠤ ᠤᠯᠠᠨ ᠤᠯᠤᠰ ᠤᠨ ᠠᠭᠤᠷ ᠠᠮᠢᠰᠬᠤᠯ ᠤᠨ ᠵᠠᠰᠠᠯᠲᠠ ᠳᠤ ᠴᠢᠬᠤᠯᠠ ᠦᠢᠯᠡᠳᠦᠯ ᠦᠵᠡᠭᠦᠯᠭᠦ ᠶᠢ ᠳᠡᠮᠵᠢᠨ᠎ᠠ ᠭᠡᠵᠦ ᠴᠢᠬᠤᠯᠠᠴᠢᠯᠠᠪᠠ᠃ | ᠯᠠᡁᠧᠮᠧᠩ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠴᠢᠬᠤᠯᠠ ᠶᠡᠭᠡ | ᠬᠥᠭᠵᠢᠯᠲᠡ ᠶᠢᠨ ᠠᠮᠵᠢᠯᠲᠠ ᠣᠯᠵᠤ᠂ ᠳᠡᠯᠡᠬᠡᠢ ᠶᠢᠨ ᠬᠡᠷᠡᠭ ᠶᠠᠪᠤᠳᠠᠯ ᠳᠤ ᠴᠢᠬᠤᠯᠠ ᠦᠢᠯᠡᠳᠦᠯ ᠦᠵᠡᠭᠦᠯᠪᠡ᠃ ᠲᠡᠷᠢᠭᠦᠯᠡᠭᠴᠢ ᠰᠢ ᠶᠢᠨ ᠫᠢᠩ ᠨᠢᠳᠤᠨᠤᠨ | ᠲᠠᠵᠢᠺᠰᠲ᠋ᠠᠨ ᠳᠤ ᠲᠡᠦᠬᠡᠲᠦ ᠴᠢᠨᠠᠷᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠬᠤᠶᠠᠷ ᠤᠯᠤᠰ ᠤᠨ ᠬᠠᠷᠢᠯᠴᠠᠭ᠎ᠠ ᠳᠤ ᠰᠢᠨ᠎ᠡ ᠢᠷᠡᠭᠡᠳᠦᠢ ᠶᠢ ᠨᠡᠭᠡᠭᠡᠵᠦ᠂ | ᠲᠠᠵᠢᠺᠰᠲ᠋ᠠᠨ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠰᠢᠨ᠎ᠡ ᠲᠦᠪᠰᠢᠨ ᠳᠤ ᠬᠦᠷᠭᠡᠪᠡ᠃ ᠬᠤᠶᠠᠷ ᠲᠠᠯ᠎ᠠ ᠪᠠᠷ ᠢᠶᠠᠨ ᠠᠶᠢᠯᠴᠢᠯᠠᠯᠲᠠ ᠶᠢᠨ | ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠥᠷᠨᠢᠭᠦᠨ ᠬᠥᠭᠵᠢᠪᠡ᠃ ᠲᠠᠵᠢᠺᠰᠲ᠋ᠠᠨ ᠳᠤᠷᠠᠲᠠᠶ᠎ᠠ ᠳᠤᠮᠳᠠᠳᠤ | ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠨ᠎ᠠ︔ ᠠᠷᠠᠯᠵᠢᠶ᠎ᠠ᠂ | ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠤᠯᠠᠮᠵᠢᠯᠠᠯᠲᠤ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠡᠨᠧᠷᠭᠢ᠂ ᠪᠣᠬᠢᠷᠳᠤᠯ ᠦᠭᠡᠢ ᠠᠵᠤ ᠦᠢᠯᠡᠰ ᠵᠢᠴᠢ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠭᠡᠨ᠎ᠡ︔ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠲᠡᠵᠢᠺᠰᠲ᠋ᠠᠨ ᠤ ︽ᠳᠤᠮᠳᠠᠳᠤ ᠤᠯᠤᠰ ᠤᠨ | ᠰᠣᠶᠣᠯ ᠤᠨ ᠡᠳᠦᠷ︾ ᠢ ᠰᠠᠶᠢᠲᠤᠷ ᠡᠷᠭᠢᠯᠡᠨ᠎ᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ︔ ᠵᠣᠭᠢᠴᠠᠭᠤᠯᠭᠠ | ᠬᠠᠮᠵᠢᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ ᠶᠢᠨ | ᠲᠣᠭᠲᠠᠴᠠ ᠶᠢᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠵᠠᠮ ᠬᠠᠷᠢᠯᠴᠠᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠤᠯᠠᠨ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |