ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠬᠤᠤ ᠸᠧᠢ ᠸᠧᠢ ᠵᠤᠤ ᠪᠢᠩ︶ ᠲᠤᠬᠠᠢ ᠶᠢᠨ | ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠤ ᠦᠽᠪᠤᠺᠰᠲ᠋ᠠᠨ ᠤ ᠶᠡᠷᠦᠩᠬᠡᠶᠢᠯᠡᠭᠴᠢ | ᠮᠢᠷᠵᠢᠶᠤᠤᠶᠧᠹ ᠲᠠᠢ ᠠᠭᠤᠯᠵᠠᠪᠠ᠃ | | | | ᠰᠢ ᠶᠢᠨ ᠫᠢᠩ᠂ ᠨᠢᠳᠤᠨᠤᠨ ᠪᠢᠳᠡ ᠪᠡᠭᠡᠵᠢᠩ ᠪᠣᠯᠣᠨ ᠠᠰᠲ᠋ᠠᠨᠠ ᠳᠤ ᠬᠤᠶᠠᠷ ᠤᠳᠠᠭ᠎ᠠ ᠠᠭᠤᠯᠵᠠᠵᠤ᠂ ᠬᠤᠶᠠᠷ ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ | ᠲᠤᠬᠠᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠵᠦ᠂ ᠳᠤᠮᠳᠠᠳᠤ ᠦᠽᠪᠤᠺᠰᠲ᠋ᠠᠨ ᠤ ᠡᠯ᠎ᠡ ᠬᠦᠷᠢᠶᠡᠨ ᠤ ᠬᠠᠮᠲᠤᠷᠠᠯᠴᠠᠭ᠎ᠠ ᠳᠤ ᠪᠦᠭᠦ ᠲᠠᠯ᠎ᠠ ᠪᠠᠷ | ᠥᠷᠨᠢᠭᠰᠡᠨ᠂ ᠡᠳᠦᠷ ᠠᠴᠠ ᠡᠳᠦᠷ ᠥᠭᠡᠳᠡᠯᠡᠨ ᠮᠠᠨᠳᠤᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠳᠤᠮᠳᠠᠳᠤ ᠤᠯᠤᠰ ᠳᠤᠷᠠᠲᠠᠶ᠎ᠠ ᠦᠽᠪᠤᠺᠰᠲ᠋ᠠᠨ ᠤ ᠬᠢᠨ ᠲᠠᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠬᠤ ᠪᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ | ᠨᠡᠩ ᠤᠯᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠲᠦᠷᠦᠯ ᠵᠦᠢᠯ ᠢ ᠬᠡᠷᠡᠭᠵᠢᠭᠦᠯᠵᠦ᠂ ᠲᠤᠰ ᠲᠤᠰ ᠤᠨ ᠤᠯᠤᠰ ᠤᠨ ᠢᠶᠠᠨ | ᠬᠥᠭᠵᠢᠯᠲᠡ ᠳᠤ ᠬᠦᠴᠦᠨ ᠨᠡᠮᠡᠷᠢᠯᠡᠵᠦ᠂ ᠨᠡᠩ ᠪᠠᠶᠠᠯᠢᠭ ᠠᠭᠤᠯᠤᠭᠳᠠᠬᠤᠨ ᠪᠠ ᠠᠮᠢᠵᠢᠷᠠᠯ ᠤᠨ ᠬᠦᠴᠦᠨ ᠲᠠᠢ ᠳᠤᠮᠳᠠᠳᠤ ᠦᠽᠪᠤᠺᠰᠲ᠋ᠠᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠦᠽᠪᠤᠺᠰᠲ᠋ᠠᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ ᠶᠢ ᠴᠢᠯᠦᠭᠡᠲᠡᠢ ᠪᠤᠯᠭᠠᠬᠤ ᠳᠦᠭᠦᠮ ᠳᠥᠲᠡ ᠪᠤᠯᠭᠠᠬᠤ ᠨᠡᠩ ᠤᠯᠠᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠬᠤᠶᠠᠷ ᠲᠠᠯ᠎ᠠ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠳᠤᠮᠳᠠᠳᠤ ᠤᠯᠤᠰ — | ᠺᠢᠷᠭᠢᠽᠰᠲ᠋ᠠᠨ — ᠦᠽᠪᠤᠺᠰᠲ᠋ᠠᠨ ᠤ ᠲᠡᠮᠦᠷ ᠵᠠᠮ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ | ᠴᠣᠭᠴᠠᠯᠠᠵᠤ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠡᠨᠧᠷᠭᠢ᠂ ᠣᠶᠤᠨᠲᠤ ᠲᠠᠷᠢᠶᠠᠯᠠᠩ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠰᠢᠨ᠎ᠡ ᠪᠠᠷ | ᠮᠠᠨᠳᠤᠭᠰᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠭᠡᠶ᠎ᠡ︔ ᠬᠠᠷᠢᠯᠴᠠᠨ ᠰᠣᠶᠣᠯ ᠤᠨ ᠲᠥᠪ ᠪᠠᠶᠢᠭᠤᠯᠬᠤ ᠶᠢ ᠢᠳᠡᠪᠬᠢᠲᠡᠢ | ᠠᠬᠢᠭᠤᠯᠵᠤ᠂ ᠬᠤᠶᠠᠳᠤᠭᠠᠷ ᠬᠤᠭᠤᠴᠠᠭᠠᠨ ᠤ ᠵᠠᠭᠤᠨ ᠰᠤᠷᠭᠠᠭᠤᠯᠢ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠨ ᠰᠡᠳᠬᠢᠯ ᠤᠨ | ᠨᠡᠪᠲᠡᠷᠡᠯᠴᠡᠭᠡ ᠶᠢ ᠠᠭᠢᠭᠤᠯᠤᠶ᠎ᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠵᠦᠢᠯ ᠤᠨ | ᠬᠦᠴᠦᠨ︾ ᠳᠤ ᠬᠠᠮᠲᠤ ᠪᠠᠷ ᠴᠣᠬᠢᠯᠲᠠ ᠥᠭᠴᠦ᠂ ᠰᠢᠨ᠎ᠡ ᠰᠦᠷᠳᠡᠭᠦᠯᠦᠯ ᠰᠢᠨ᠎ᠡ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠭᠠᠵᠠᠷ ᠣᠷᠣᠨ ᠤ | ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠶ᠎ᠠ ᠭᠡᠵᠦ ᠴᠢᠬᠤᠯᠠᠴᠢᠯᠠᠵᠠᠢ᠃ | ᠮᠢᠷᠵᠢᠶᠤᠤᠶᠧᠹ᠂ ᠲᠡᠷᠢᠭᠦᠯᠡᠭᠴᠢ ᠰᠢ ᠶᠢᠨ ᠫᠢᠩ ᠪᠣᠯ ᠳᠡᠯᠡᠬᠡᠢ ᠶᠢᠨ ᠭᠠᠷᠮᠠᠭᠠᠢ ᠤᠯᠤᠰ ᠲᠥᠷᠥᠴᠢᠨ ᠮᠥᠨ᠂ ᠳᠤᠮᠳᠠᠳᠤ ᠤᠯᠤᠰ ᠢ ᠤᠳᠤᠷᠢᠳᠤᠨ ᠭᠠᠷᠮᠠᠭᠠᠢ | ᠦᠷ᠎ᠡ ᠪᠦᠲᠦᠮᠵᠢᠲᠡᠢ ᠳᠣᠲᠣᠭᠠᠳᠤ ᠭᠠᠳᠠᠭᠠᠳᠤ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠡᠯᠪᠡᠭ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠠᠵᠤ ᠠᠬᠤᠢ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠣᠳᠣᠬᠠᠨ ᠤ | ᠳᠡᠯᠡᠬᠡᠢ ᠶᠠᠮᠠᠷᠪᠠ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠤᠯᠤᠰ ᠠᠴᠠ ᠰᠠᠯᠵᠤ ᠴᠢᠳᠠᠬᠤ ᠦᠭᠡᠢ᠃ | ᠦᠽᠪᠤᠺᠰᠲ᠋ᠠᠨ ᠳᠤᠮᠳᠠᠳᠤ ᠠᠬ᠎ᠠ ᠳᠡᠭᠦᠦ ᠮᠡᠲᠦ ᠳᠣᠲᠣᠨᠣ᠂ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠨᠢᠭᠲᠠ᠂ ᠡᠯ᠎ᠡ ᠬᠦᠷᠢᠶᠡᠨ ᠤ ᠬᠠᠮᠲᠤᠷᠠᠯᠴᠠᠭ᠎ᠠ | ᠡᠷᠴᠢᠮᠲᠡᠢ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠲᠡᠦᠬᠡᠨ ᠳᠡᠭᠡᠷᠡᠬᠢ ᠬᠠᠮᠤᠭ ᠤᠨ ᠥᠨᠳᠥᠷ ᠲᠦᠪᠰᠢᠨ ᠳᠤ ᠬᠦᠷᠴᠡᠢ᠃ ᠦᠽᠪᠤᠺᠰᠲ᠋ᠠᠨ ᠤ ᠬᠢᠨ ᠳᠤᠮᠳᠠᠳᠤ | ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠨᠠᠨᠳᠢᠩᠨᠠᠵᠤ ᠪᠠᠶᠢᠨ᠎ᠠ᠂ ᠳᠤᠮᠳᠠᠳᠤ ᠤᠯᠤᠰ ᠠᠴᠠ ᠤᠷᠳᠤ ᠬᠤᠭᠤᠴᠠᠭᠠᠨ ᠤ ᠲᠤᠷᠰᠢ ᠦᠽᠪᠤᠺᠰᠲ᠋ᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠬᠠᠷᠠᠮ ᠦᠭᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ | ᠭᠤᠶᠢᠪᠢᠰᠢ ᠦᠭᠡᠢ ᠬᠡᠷᠡᠭᠵᠢᠭᠦᠯᠦᠨ᠎ᠡ᠃ ᠦᠽᠪᠧᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠲᠤᠷᠰᠢᠯᠭ᠎ᠠ ᠶᠢ ᠭᠦᠨᠵᠡᠭᠡᠢ | ᠰᠤᠷᠤᠯᠴᠠᠨ᠎ᠠ︔ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠳᠡᠭᠡᠳᠦ ᠰᠢᠨ᠎ᠡ ᠮᠡᠷᠭᠡᠵᠢᠯ᠂ ᠬᠤᠯᠪᠣᠯᠳᠤᠨ ᠨᠡᠪᠲᠡᠷᠡᠯᠴᠡᠬᠦ᠂ ᠬᠥᠳᠡᠭᠡ | ᠠᠵᠤ ᠠᠬᠤᠢ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠴᠢᠨᠠᠷ ᠰᠠᠶᠢᠲᠠᠢ | ᠬᠥᠭᠵᠢᠯᠲᠡ ᠶᠢ ᠠᠭᠢᠭᠤᠯᠤᠨ᠎ᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾ ᠳᠤ | ᠡᠷᠡᠰ ᠴᠣᠬᠢᠯᠲᠠ ᠥᠭᠭᠦᠨ᠎ᠡ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠴᠢᠬᠤᠯᠠ ᠶᠡᠭᠡ ᠴᠠᠭ | ᠦᠶ᠎ᠡ ᠶᠢᠨ ᠠᠴᠢ ᠬᠤᠯᠪᠣᠭᠳᠠᠯ ᠲᠠᠢ ᠶᠤᠮ᠂ ᠦᠽᠪᠤᠺᠰᠲ᠋ᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ | ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠬᠠᠮᠲᠤ ᠪᠠᠷ ᠬᠠᠮᠠᠭᠠᠯᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠲᠠᠪᠰᠢᠯᠳᠠ ᠶᠢᠨ ᠦᠢᠯᠡᠰ ᠢ | ᠠᠬᠢᠭᠤᠯᠤᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠣᠳᠣᠬᠠᠨ ᠤ ᠳᠤᠮᠳᠠᠳᠤ ᠳᠣᠷᠣᠨᠠᠲᠤ ᠶᠢᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ | ᠢᠰᠷᠧᠯ ᠤᠨ ᠬᠢᠨ ᠢᠷᠠᠨ ᠳᠤ ᠴᠡᠷᠢᠭ ᠲᠠᠶᠢᠨ ᠤ ᠠᠵᠢᠯᠯᠠᠭ᠎ᠠ ᠥᠷᠨᠢᠭᠦᠯᠵᠦ᠂ ᠳᠤᠮᠳᠠᠳᠤ ᠳᠣᠷᠣᠨᠠᠲᠤ ᠣᠷᠣᠨ ᠤ ᠪᠠᠴᠢᠮ ᠪᠠᠶᠢᠳᠠᠯ ᠢ ᠬᠤᠷᠴᠠᠳᠬᠠᠵᠤ᠂ ᠳᠤᠮᠳᠠᠳᠤ | ᠤᠯᠤᠰ ᠡᠭᠦᠨ ᠳᠤ ᠶᠡᠬᠡᠳᠡ ᠰᠠᠨᠠᠭᠠᠰᠢᠷᠠᠵᠤ ᠪᠠᠶᠢᠨ᠎ᠠ᠃ ᠪᠢᠳᠡ ᠪᠤᠰᠤᠳ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ ᠪᠠ ᠨᠤᠲᠤᠭ ᠳᠡᠪᠢᠰᠬᠡᠷ ᠤᠨ ᠪᠦᠷᠢᠨ | ᠪᠦᠲᠦᠨ ᠳᠤ ᠬᠠᠯᠳᠠᠬᠤ ᠠᠯᠢᠪᠠ ᠠᠵᠢᠯᠯᠠᠭ᠎ᠠ ᠶᠢ ᠡᠰᠡᠷᠭᠦᠴᠡᠨ᠎ᠡ᠃ ᠴᠡᠷᠢᠭ ᠤᠨ ᠶᠠᠪᠤᠳᠠᠯ ᠤᠨ ᠮᠥᠷᠭᠦᠯᠳᠦᠭᠡᠨ ᠪᠣᠯ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠪᠢᠰᠢ | ᠂ ᠭᠠᠵᠠᠷ ᠣᠷᠣᠨ ᠤ ᠪᠠᠶᠢᠳᠠᠯ ᠰᠢᠷᠦᠭᠦᠰᠬᠦ ᠨᠢ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠳᠤ ᠨᠡᠶᠢᠴᠡᠬᠦ ᠦᠭᠡᠢ ᠶᠤᠮ᠃ ᠡᠯ᠎ᠡ ᠲᠠᠯ᠎ᠠ ᠶᠢᠨ ᠬᠢᠨ | ᠮᠥᠷᠭᠦᠯᠳᠦᠭᠡᠨ ᠢ ᠠᠯᠢ ᠲᠦᠷᠭᠡᠨ ᠢᠶᠠᠷ ᠨᠠᠮᠳᠠᠭᠤᠯᠬᠤ ᠶᠢ ᠠᠬᠢᠭᠤᠯᠵᠤ᠂ ᠪᠠᠴᠢᠮ ᠪᠠᠶᠢᠳᠠᠯ ᠢ ᠤᠯᠠᠮ ᠨᠢᠭᠡ ᠠᠯᠬᠤᠮ ᠬᠦᠨᠳᠦᠷᠡᠭᠦᠯᠬᠦ ᠠᠴᠠ ᠵᠠᠶᠢᠯᠠᠰᠬᠢᠪᠡᠯ ᠵᠣᠬᠢᠨ᠎ᠠ᠃ | ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠲᠣᠭᠲᠠᠭᠤᠨ ᠢ | ᠰᠡᠷᠭᠦᠭᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠦᠽᠪᠤᠺᠰᠲ᠋ᠠᠨ ᠤ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠣᠷᠣᠬᠤ ᠲᠤᠬᠠᠢ ᠬᠤᠶᠠᠷ ᠲᠠᠯ᠎ᠠ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |