ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 30 ᠤ ᠡᠳᠦᠷ᠂ | ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠯᠪᠠᠨ ᠵᠠᠷ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠶᠠᠲᠤ | ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ ᠵᠢᠷᠤᠮᠵᠢᠯ ᠢ ᠵᠢᠷᠤᠮᠵᠢᠭᠤᠯᠵᠤ᠂ ᠪᠠᠶᠢᠭᠠᠯᠢ ᠶᠢᠨ ᠨᠤᠲᠤᠭ ᠪᠡᠯᠴᠢᠭᠡᠷ ᠢ ᠰᠡᠷᠭᠦᠭᠡᠬᠦ ᠪᠠ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠬᠠᠷᠢᠶᠠᠲᠤ ᠣᠷᠣᠨ ᠤ ᠲᠡᠵᠢᠭᠡᠨ ᠦᠷᠡᠵᠢᠭᠦᠯᠬᠦ ᠡᠷᠦᠬᠡ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠭᠰᠠᠭᠠᠨ | ᠪᠠᠶᠢᠴᠠᠭᠠᠯᠲᠠ ᠬᠢᠪᠠ᠃ | ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠳᠤ ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠶᠢᠦ ᠢ ᠨᠡᠶᠢᠭᠡᠮ ᠲᠣᠭᠤᠷᠢᠭ ᠤᠨ ᠪᠥᠬᠦ | ᠪᠦᠷᠢᠯᠳᠦᠬᠦᠨ ᠢ 6 ᠳᠤᠭᠤᠶᠢᠯᠠᠩ ᠬᠤᠪᠢᠶᠠᠵᠦ᠂ ᠬᠠᠷᠢᠶ᠎ᠠ ᠣᠷᠣᠨ ᠤ ᠳᠣᠲᠣᠷᠠᠬᠢ ᠮᠠᠯ ᠲᠡᠵᠢᠭᠡᠨ ᠦᠷᠡᠵᠢᠭᠦᠯᠬᠦ ᠡᠷᠦᠬᠡ ᠶᠢᠨ ᠰᠡᠯᠭᠦᠨ ᠮᠠᠯᠵᠢᠬᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠬᠢᠬᠦ ᠶᠢᠨ ᠬᠠᠮᠲᠤ ᠲᠡᠵᠢᠭᠡᠨ ᠦᠷᠡᠵᠢᠭᠦᠯᠦᠭᠰᠡᠨ ᠪᠠᠶᠢᠳᠠᠯ ᠢ ᠤᠶᠢᠯᠠᠭᠠᠪᠠ᠃ ᠬᠠᠷᠢᠶ᠎ᠠ ᠣᠷᠣᠨ ᠤ ᠳᠣᠲᠣᠷ᠎ᠠ ᠮᠠᠯ ᠬᠠᠷᠢᠭᠤᠯᠤᠭᠰᠠᠨ | ᠪᠠᠶᠢᠳᠠᠯ ᠢ ᠣᠨᠣᠪᠴᠢᠲᠠᠶ ᠡᠵᠡᠮᠰᠢᠵᠦ᠂ ᠬᠠᠤᠯᠢ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠨ ᠮᠠᠯᠵᠢᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠢᠯᠡᠷᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠲᠡᠵᠢᠭᠡᠯ ᠡᠪᠡᠰᠦ ᠨᠥᠭᠡᠴᠡᠯᠡᠵᠦ ᠪᠠᠶᠢᠭ᠎ᠠ ᠪᠠᠶᠢᠳᠠᠯ ᠢ ᠳᠠᠩᠰᠠᠯᠠᠨ ᠪᠠᠶᠢᠴᠠᠭᠠᠵᠤ᠂ ᠲᠡᠵᠢᠭᠡᠨ | ᠦᠷᠡᠵᠢᠭᠦᠯᠬᠦ ᠡᠷᠦᠬᠡ ᠶᠢ ᠰᠢᠬᠠᠮᠳᠠᠭᠤᠯᠵᠦ ᠪᠠᠶᠢᠭᠠᠳ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠲᠡᠵᠢᠭᠡᠯ ᠡᠪᠡᠰᠦ ᠪᠣᠷᠳᠣᠭᠠᠨ ᠤ ᠪᠡᠯᠡᠳᠬᠡᠯ ᠢ | ᠤᠷᠢᠳᠴᠢᠯᠠᠨ ᠰᠠᠶᠢᠲᠤᠷ ᠬᠢᠯᠭᠡᠬᠦ ᠬᠡᠷᠡᠭᠲᠡᠶ᠃ | ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠳᠤ ᠨᠡᠶᠢᠲᠡ 13 ᠲᠡᠵᠢᠭᠡᠨ ᠦᠷᠡᠵᠢᠭᠦᠯᠬᠦ ᠡᠷᠦᠬᠡ᠂ 248 ᠮᠠᠯ ᠤᠨᠤᠭ᠎ᠠ ᠶᠢ ᠵᠢᠭᠰᠠᠭᠠᠨ | ᠪᠠᠶᠢᠴᠠᠭᠠᠪᠠ᠃ ᠬᠠᠷᠢᠶᠠᠲᠤ ᠣᠷᠣᠨ ᠤ ᠳᠣᠲᠣᠷᠠᠬᠢ ᠮᠠᠯ ᠠᠵᠤ ᠠᠬᠤᠶ ᠶᠢᠨ ᠠᠵᠤ ᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠤᠯᠠᠮᠵᠢᠯᠠᠯᠲᠤ ᠮᠠᠯ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠠᠢ᠃ |