︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠨᠳᠦᠰᠦᠨ ᠱᠠᠲᠤᠨ ᠳᠤ ᠡᠨᠧᠷᠭᠢ ᠣᠯᠭᠤᠬᠤ︾ ᠪᠣᠳᠠᠲᠠᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ︽ᠳᠣᠤᠷ᠎ᠠ ᠠᠭᠠᠷ ᠤᠨ ᠠᠵᠤ ᠠᠬᠤᠶ︾ ᠶᠢᠨ ᠣᠲᠣ ᠦᠶ᠎ᠡ ᠶᠢᠨ ᠲᠠᠷᠢᠶᠠᠯᠠᠩ ᠢ ᠭᠦᠨᠵᠡᠭᠡᠶ ᠬᠠᠭᠠᠯᠪᠤᠷᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠣᠶ ᠰᠢᠭᠤᠶ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠥᠪᠥᠷ ᠮᠣᠩᠭᠤᠯ ᠤᠨ ᠵᠢᠩ ᠢ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ᠠᠩᠬᠠᠳᠤᠭᠠᠷ ᠬᠤᠭᠤᠴᠠᠭᠠᠨ ᠤ ᠰᠠᠭᠤᠭᠠᠯᠢ ᠠᠷᠠᠳ ᠲᠤ ᠬᠠᠨᠳᠤᠭᠤᠯᠤᠭᠰᠠᠨ ᠰᠦᠢᠳᠬᠡᠯ | ᠬᠤᠷᠢᠶᠠᠬᠤ ᠥᠬᠡᠶ ᠵᠢᠯᠣᠭᠤᠴᠢ ᠥᠬᠡᠶ ᠨᠢᠰᠬᠡᠯ ᠤᠨ ᠣᠨᠣᠯ ᠬᠢᠭᠡᠳ ᠪᠣᠳᠠᠲᠠᠶ ᠠᠵᠢᠯᠯᠠᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ | ᠤᠨᠤᠯ ᠤᠨ ᠵᠢᠭᠠᠨ ᠰᠤᠷᠭᠠᠯᠲᠠ ᠶᠢᠨ ᠭᠤᠭᠴᠤᠭ᠎ᠠ ᠳᠤ᠂ ᠯᠧᠺᠲ᠋ᠣᠷ ᠵᠢᠯᠣᠭᠤᠴᠢ ᠦᠭᠡᠢ ᠨᠢᠰᠬᠡᠯ ᠤᠨ ᠦᠨᠳᠦᠰᠦᠨ ᠪᠦᠲᠦᠴᠡ᠂ ᠨᠢᠰᠦᠯᠲᠡ ᠶᠢᠨ ᠤᠬ ᠶᠣᠰᠣ᠂ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠶᠠᠷᠢᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠵᠢᠯᠣᠭᠤᠴᠢ ᠦᠭᠡᠢ ᠨᠢᠰᠬᠡᠯ ᠤᠨ ᠲᠠᠷᠢᠶᠠᠯᠠᠩ ᠤᠢ | ᠰᠢᠭᠤᠢ ᠤᠷᠭᠤᠮᠠᠯ ᠢ ᠬᠠᠮᠠᠭᠠᠯᠠᠬᠤ᠂ ᠠᠭᠠᠷ ᠠᠴᠠ ᠰᠡᠭᠦᠳᠡᠷᠯᠡᠨ ᠬᠡᠮᠵᠢᠨ ᠵᠢᠷᠤᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠬᠦᠷᠢᠶᠡᠨ ᠳᠤ | ᠥᠷᠭᠡᠨ ᠢᠶᠠᠷ ᠬᠡᠷᠡᠭᠯᠡᠬᠦ ᠶᠢ ᠨᠠᠷᠢᠨ ᠲᠠᠶᠢᠯᠪᠤᠷᠢᠯᠠᠵᠤ᠂ ᠰᠤᠷᠤᠭᠴᠢᠳ ᠢ ᠵᠢᠯᠣᠭᠤᠴᠢ ᠦᠭᠡᠢ ᠨᠢᠰᠬᠡᠯ ᠤᠨ ᠠᠵᠢᠯ ᠲᠦᠷᠦᠯ ᠤᠨ ᠲᠤᠬᠠᠢ ᠪᠦᠬᠦ ᠲᠠᠯ᠎ᠠ ᠶᠢᠨ ᠪᠥᠭᠡᠳ | ᠭᠦᠨᠵᠡᠭᠡᠢ ᠲᠠᠨᠢᠯᠲᠠ ᠲᠠᠢ ᠪᠣᠯᠭᠠᠪᠠ᠃ | ᠪᠣᠳᠠᠲᠠᠢ ᠠᠵᠢᠯᠯᠠᠬᠤ ᠭᠤᠭᠴᠤᠭ᠎ᠠ ᠪᠣᠯ ᠲᠤᠰ ᠤᠳᠠᠭᠠᠨ ᠤ ᠪᠣᠯᠪᠠᠰᠤᠷᠠᠯ ᠤᠨ ᠭᠢᠯᠠᠰ ᠴᠡᠭ ᠮᠥᠨ᠃ ᠰᠤᠷᠤᠭᠴᠢᠳ ᠲᠤᠰᠬᠠᠶ ᠮᠡᠷᠭᠡᠵᠢᠯ ᠤᠨ ᠰᠤᠷᠭᠠᠭᠴᠢ ᠶᠢᠨ | ᠵᠢᠯᠣᠭᠤᠳᠣᠯᠭ᠎ᠠ ᠳᠣᠤᠷ᠎ᠠ᠂ ᠳᠤᠭᠤᠶᠢᠯᠠᠩ ᠬᠤᠪᠢᠶᠠᠨ ᠵᠢᠯᠣᠭᠤᠴᠢ ᠥᠬᠡᠶ ᠨᠢᠰᠬᠡᠯ ᠠᠴᠠ ᠨᠢᠰᠬᠦ᠂ ᠳᠡᠭᠦᠰᠦᠨ ᠵᠣᠭᠰᠣᠭᠠᠬᠤ᠂ ᠠᠶᠠᠯᠠᠯ ᠤᠨ ᠱᠤᠭᠤᠮ ᠢ | ᠲᠥᠯᠥᠪᠵᠢᠭᠦᠯᠬᠦ᠂ ᠰᠡᠭᠦᠳᠡᠷᠯᠡᠬᠦ ᠵᠡᠷᠭᠡ ᠰᠠᠭᠤᠷᠢ ᠠᠵᠢᠯᠯᠠᠭᠠᠨ ᠤ ᠪᠣᠯᠪᠠᠰᠤᠷᠠᠯ ᠬᠢᠪᠡ᠃ ᠰᠤᠷᠭᠠᠭᠴᠢᠳ ᠵᠢᠭᠠᠨ ᠰᠤᠷᠭᠠᠬᠤ᠂ ᠰᠤᠷᠤᠭᠴᠢᠳ ᠤᠨ ᠠᠵᠢᠯᠯᠠᠭᠠᠨ ᠤ | ᠠᠳᠡᠭᠦᠷᠡᠯ ᠢ ᠬᠦᠯᠢᠴᠡᠩᠭᠦᠢ ᠪᠠᠷ ᠵᠠᠯᠠᠷᠠᠭᠤᠯᠵᠤ᠂ ᠰᠤᠷᠤᠭᠴᠢ ᠨᠢᠭᠡᠪᠦᠷᠢ ᠴᠥᠮ ᠵᠢᠯᠣᠭᠤᠴᠢ ᠦᠭᠡᠢ ᠮᠠᠰᠢᠨ ᠤ ᠠᠵᠢᠯᠯᠠᠬᠤ ᠤᠷ᠎ᠠ ᠮᠡᠷᠭᠡᠵᠢᠯ ᠢ ᠡᠵᠡᠮᠰᠢᠬᠦ ᠶᠢ | ᠪᠠᠲᠤᠯᠠᠪᠠ᠃ | ᠲᠣᠰ ᠤᠳᠠᠭᠠᠨ ᠤ ᠵᠢᠯᠣᠭᠤᠴᠢ ᠥᠬᠡᠶ ᠨᠢᠰᠬᠡᠯ ᠤᠨ ᠣᠨᠣᠯ ᠪᠠ ᠪᠣᠳᠠᠲᠠᠶ ᠠᠵᠢᠯᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠠᠮᠵᠢᠯᠲᠠ ᠲᠠᠢ | ᠡᠷᠬᠢᠯᠡᠭᠰᠡᠨ ᠨᠢ ᠰᠤᠷᠤᠭᠴᠢᠳ ᠲᠤ ᠰᠤᠷᠤᠯᠴᠠᠯᠭ᠎ᠠ ᠪᠠ ᠰᠣᠯᠢᠯᠴᠠᠭᠠᠨ ᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠵᠢᠯᠣᠭᠤᠴᠢ ᠥᠬᠡᠶ ᠨᠢᠰᠬᠡᠯ ᠤᠨ | ᠮᠡᠷᠭᠡᠵᠢᠯ ᠢ ᠲᠣᠰ ᠭᠠᠵᠠᠷ ᠲᠤ ᠲᠦᠭᠡᠮᠡᠯᠵᠢᠭᠦᠯᠬᠦ ᠪᠠ ᠬᠡᠷᠡᠭᠯᠡᠬᠦ ᠶᠢ ᠠᠬᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠦᠷᠭᠦᠯᠵᠢᠯᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠯᠪᠠᠰᠤᠷᠠᠭᠤᠯᠤᠯ ᠤᠨ ᠲᠤᠷᠰᠢᠯᠭ᠎ᠠ ᠪᠠᠨ ᠳ᠋ᠦᠩᠨᠡᠵᠦ᠂ ᠨᠡᠩ ᠤᠯᠠᠨ ᠲᠡᠰ ᠳᠠᠪᠬᠤᠷᠭ᠎ᠠ᠂ ᠤᠯᠠᠨ | ᠬᠦᠷᠢᠶᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ |