ᠤᠷᠤᠭ ᠤᠨ ᠴᠢᠯᠥᠭᠡ ᠬᠠᠮᠤᠭ ᠣᠷᠳᠣ ᠳᠠᠭᠠᠨ 25 ᠡᠳᠦᠷ᠂ ᠬᠦᠡᠭᠭᠡᠵᠢᠯᠳᠡ ᠶᠢᠨ ᠴᠢᠯᠥᠭᠡ ᠬᠠᠮᠤᠭ ᠣᠷᠳᠣ ᠳᠠᠭᠠᠨ 150 ᠡᠳᠦᠷ ᠪᠣᠯᠤᠨ᠎ᠠ ᠁ ᠪᠠᠰᠠ ᠨᠢᠭᠡ ᠮᠤᠵᠢ ᠤᠷᠲᠤᠳᠬᠠᠬᠤ ᠪᠠᠷ ᠲᠦᠯᠦᠪᠯᠡᠵᠦ ᠪᠠᠶᠢᠨ᠎ᠠ︕
ᠨᠡᠶᠢᠲᠡᠯᠡᠭᠰᠡᠨ ᠴᠠᠭ᠄
2025/6/24
    ᠣᠶᠢᠷ᠎ᠠ ᠳᠤ᠂ ᠰᠧᠴᠤᠸᠠᠨ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ︽ᠰᠧᠴᠤᠸᠠᠨ ᠮᠤᠵᠢ ᠶᠢᠨ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ ︵ᠵᠠᠰᠠᠪᠤᠷᠢ ᠣᠷᠣᠭᠤᠯᠬᠤ ᠲᠥᠰᠦᠯ ᠤᠨ ᠰᠠᠨᠠᠯ ᠬᠤᠷᠢᠶᠠᠬᠤ ᠨᠤᠤᠷᠠᠭ︶︾ ᠢ ᠨᠡᠶᠢᠲᠡᠯᠡᠵᠦ᠂ ᠣᠷᠤᠭ ᠤᠨ ᠴᠢᠯᠥᠭᠡ ᠂ ᠬᠦᠡᠭᠭᠡᠵᠢᠯᠳᠡ ᠶᠢᠨ ᠴᠢᠯᠥᠭᠡ ᠵᠡᠷᠭᠡ ᠠᠭᠤᠯᠭ᠎ᠠ ᠳᠤ ᠲᠣᠬᠢᠷᠠᠭᠤᠯᠤᠯᠲᠠ ᠬᠢᠵᠦ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃     ᠰᠧᠴᠤᠸᠠᠨ ᠤ ᠪᠣᠳᠠᠲᠤ ᠪᠠᠶᠢᠳᠠᠯ ᠢᠶᠠᠨ ᠦᠨᠳᠦᠰᠦᠯᠡᠬᠦ ᠶᠢᠨ ᠬᠠᠮᠲᠤ ᠪᠤᠰᠤᠳ ᠮᠤᠵᠢ ᠶᠢᠨ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ 5 ᠡᠳᠦᠷ ᠪᠠᠶᠢᠭᠰᠠᠨ ᠢ 20 ᠡᠳᠦᠷ ᠪᠣᠯᠭᠠᠨ ᠤᠷᠲᠤᠳᠬᠠᠵᠤ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠳᠤ ᠳᠠᠬᠢᠨ 5 ᠡᠳᠦᠷ ᠤᠨ ᠤᠷᠤᠭ ᠤᠨ ᠴᠢᠯᠥᠭᠡ ᠨᠡᠮᠡᠵᠦ ᠦᠭᠭᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠲᠥᠷᠥᠭᠰᠡᠨ ᠬᠡᠦᠬᠡᠳ ᠤᠨ ᠤᠳᠠᠭ᠎ᠠ ᠶᠣᠰᠣᠭᠠᠷ ᠬᠦᠡᠭᠭᠡᠵᠢᠯᠳᠡ ᠶᠢᠨ ᠴᠢᠯᠥᠭᠡ ᠶᠢ ᠠᠭᠢᠨ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠎ᠡ᠃ ᠰᠧᠴᠤᠸᠠᠨ ᠨᠢ ᠬᠦᠡᠭᠭᠡᠵᠢᠯᠳᠡ ᠶᠢᠨ ᠴᠢᠯᠥᠭᠡ ᠶᠢ ᠤᠷᠳᠤᠳᠬᠠᠬᠤ ᠳᠠᠭᠠᠨ ᠨᠢᠭᠡ ᠬᠡᠦᠬᠡᠳ ᠠᠪᠤᠬᠰᠠᠳ ᠲᠤ 90 ᠡᠳᠦᠷ ᠤᠨ ᠴᠢᠯᠦᠭᠡ ᠦᠭᠴᠦ᠂ ᠬᠤᠶᠠᠷ ᠬᠡᠦᠬᠡᠳ ᠠᠪᠤᠬᠰᠠᠳ ᠲᠤ 120 ᠡᠳᠦᠷ ᠤᠨ ᠴᠢᠯᠦᠭᠡ ᠦᠭᠴᠦ᠂ ᠭᠤᠷᠪᠠᠨ ᠬᠡᠦᠬᠡᠳ ᠠᠪᠤᠬᠰᠠᠳ ᠲᠤ 150 ᠡᠳᠦᠷ ᠤᠨ ᠴᠢᠯᠦᠭᠡ ᠦᠭᠭᠦᠨ᠎ᠠ᠂ ᠲᠤᠬᠠᠶᠢᠯᠠᠪᠠᠯ ᠤᠤᠯ ᠤᠨ ᠲᠣᠭᠲᠠᠭᠠᠭᠰᠠᠨ 60 ᠡᠳᠦᠷ ᠤᠨ ᠰᠠᠭᠤᠷᠢᠨ ᠳᠡᠭᠡᠷ᠎ᠡ ᠨᠢᠭᠡ ᠬᠡᠦᠬᠡᠳ ᠠᠪᠤᠪᠠᠯ ᠴᠢᠯᠦᠭᠡ ᠶᠢ ᠨᠢ ᠨᠢᠭᠡ ᠰᠠᠷ᠎ᠠ ᠤᠷᠲᠤᠳᠬᠠᠵᠦ᠂ ᠬᠤᠶᠠᠷ ᠬᠡᠦᠬᠡᠳ ᠠᠪᠤᠪᠠᠯ ᠴᠢᠯᠦᠭᠡ ᠶᠢ ᠨᠢ ᠬᠤᠶᠠᠷ ᠰᠠᠷ᠎ᠠ ᠤᠷᠲᠤᠳᠬᠠᠵᠦ᠂ ᠭᠤᠷᠪᠠᠨ ᠬᠡᠦᠬᠡᠳ ᠠᠪᠤᠪᠠᠯ ᠴᠢᠯᠦᠭᠡ ᠶᠢ ᠨᠢ ᠭᠤᠷᠪᠠᠨ ᠰᠠᠷ᠎ᠠ ᠤᠷᠲᠤᠳᠬᠠᠨ᠎ᠠ᠃ ᠡᠷᠡᠭᠲᠡᠶ ᠲᠠᠯ᠎ᠠ ᠶᠢᠨ ᠰᠤᠪᠢᠯᠠᠬᠤ ᠴᠢᠯᠥᠭᠡ ᠶᠢ 20 ᠡᠳᠦᠷ ᠪᠠᠶᠢᠭᠰᠠᠨ ᠠᠴᠠ ᠨᠢ 30 ᠡᠳᠦᠷ ᠪᠣᠯᠭᠠᠨ ᠤᠷᠲᠤᠳᠬᠠᠵᠤ᠂ ᠡᠷᠡᠭᠲᠡᠶ ᠲᠠᠯ᠎ᠠ ᠶᠢᠨ ᠡᠬᠡᠨᠡᠷ ᠢᠶᠠᠨ ᠬᠥᠩᠭᠡᠵᠢᠭᠰᠡᠨ ᠤ ᠲᠠᠷᠠᠭ᠎ᠠ ᠠᠰᠠᠷᠠᠨ ᠰᠤᠪᠢᠯᠠᠬᠤ ᠳᠤ ᠲᠥᠬᠦᠮ ᠦᠵᠡᠭᠦᠯᠤᠨ᠎ᠡ᠂ ᠡᠨᠡ ᠨᠢ ᠡᠷ᠎ᠡ ᠡᠮ᠎ᠡ ᠬᠤᠶᠠᠭᠤᠯᠠ ᠶᠢᠨ ᠬᠡᠦᠬᠡᠳ ᠢᠶᠠᠨ ᠦᠰᠭᠡᠨ ᠪᠤᠶᠢᠵᠢᠭᠤᠯᠬᠤ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠶᠢ ᠰᠠᠨᠠᠭᠠᠴᠢᠯᠠᠬᠤ ᠳᠤ ᠠᠰᠢᠭᠲᠠᠶ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ