ᠲᠡᠦᠬᠡ ᠶᠢᠨ ᠮᠦᠽᠧᠢ ᠶᠢᠨ ᠣᠷᠳᠣᠨ
ᠨᠡᠶᠢᠲᠡᠯᠡᠭᠰᠡᠨ ᠴᠠᠭ᠄
2025/6/24
1.png
2.png   
    ᠵᠠᠯᠠᠨ ᠠᠶᠢᠯ ᠬᠤᠲᠠ ᠶᠢᠨ ᠲᠡᠦᠬᠡ ᠶᠢᠨ ᠮᠦᠽᠧᠢ ᠶᠢᠨ ᠣᠷᠣᠨ ᠰᠠᠭᠤᠴᠠ᠂ ᠣᠣᠯ ᠨᠢ ᠵᠦᠩ ᠳ᠋ᠦᠩ ᠲᠡᠮᠦᠷ ᠵᠠᠮ ᠤᠨ ᠺᠯᠦ᠋ᠪ ᠪᠠ ᠬᠠᠭᠤᠷᠮᠠᠭ ᠮᠠᠨᠵᠤ ᠶᠢᠨ ᠦᠶ᠎ᠡ ᠶᠢᠨ ᠬᠠᠯᠠᠭᠤᠨ ᠷᠠᠰᠢᠶᠠᠨ ᠤ ᠵᠣᠴᠢᠳ ᠤᠨ ᠪᠠᠭᠤᠳᠠᠯ ᠪᠠᠶᠢᠵᠠᠢ᠂ 1903 ᠣᠨ ᠳᠤ ᠡᠬᠢᠯᠡᠨ ᠪᠠᠶᠢᠭᠤᠯᠵᠤ᠂ 2006 ᠣᠨ ᠳᠤ ᠵᠠᠯᠠᠨ ᠠᠶᠢᠯ ᠬᠤᠲᠠ ᠶᠢᠨ ᠮᠦᠽᠧᠢ ᠪᠣᠯᠭᠠᠨ ᠥᠭᠡᠷᠡᠴᠢᠯᠡᠨ ᠪᠠᠶᠢᠭᠤᠯᠪᠠ᠃ 4000 ᠲᠡᠭᠰᠢ ᠳᠥᠷᠪᠡᠯᠵᠢᠨ ᠮᠧᠳ᠋ᠷ ᠲᠠᠯᠠᠪᠠᠶ ᠲᠠᠢ᠂ ᠪᠠᠷᠢᠯᠭ᠎ᠠ ᠶᠢᠨ ᠲᠠᠯᠠᠪᠠᠶ ᠨᠢ 780 ᠺᠦᠸᠡᠲ ᠮᠧᠲᠷ ᠪᠠᠶᠢᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠣᠯᠣᠨ᠎ᠠ᠃ ᠣᠷᠳᠣᠨ ᠳᠤ ᠵᠠᠯᠠᠨ ᠠᠶᠢᠯ ᠤᠨ ᠡᠷᠲᠡᠨ ᠤ ᠠᠮᠢᠳᠤ ᠪᠣᠳᠠᠰ ᠤᠨ ᠴᠠᠭ ᠦᠶ᠎ᠡ ᠠᠴᠠ ᠬᠡᠯᠬᠢᠶᠡᠰᠦ ᠪᠣᠯᠭᠠᠵᠤ᠂ 2012 ᠣᠨ ᠪᠣᠯᠲᠠᠯᠠᠬᠢ ᠬᠥᠭᠵᠢᠯᠲᠡ ᠶᠢᠨ ᠰᠤᠳᠠᠰᠤ ᠪᠠᠷ ᠭᠤᠣᠯ ᠠᠭᠤᠯᠭ᠎ᠠ ᠪᠣᠯᠭᠠᠭᠰᠠᠨ ᠪᠠᠶᠢᠨ᠎ᠠ᠃ 2009 ᠣᠨ ᠳᠤ ᠤᠯᠤᠰ ᠤᠨ ᠭᠤᠷᠪᠠᠳᠤᠭᠠᠷ ᠳᠡᠰ ᠤᠨ ᠮᠦᠽᠧᠢ ᠪᠠᠷ ᠦᠨᠡᠯᠡᠭᠳᠡᠵᠦ᠂ 2010 ᠣᠨ ᠳᠤ ᠬᠤᠲᠠ ᠶᠢᠨ ᠳᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ 2011 ᠣᠨ ᠳᠤ ᠤᠯᠤᠰ ᠤᠨ AA ᠳᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠡᠢ᠃ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠪᠣᠯᠣᠨ᠎ᠠ᠃ 2012 ᠣᠨ ᠳᠤ ᠲᠤᠰ ᠮᠦᠽᠧᠢ ᠶᠢ ᠵᠠᠯᠠᠨ ᠠᠶᠢᠯ ᠬᠤᠳᠠ ᠶᠢᠨ ᠲᠡᠦᠬᠡ ᠶᠢᠨ ᠮᠦᠽᠧᠢ ᠪᠣᠯᠭᠠᠨ ᠳᠠᠬᠢᠨᠲᠠ ᠳᠡᠯᠭᠡᠨ ᠦᠵᠡᠭᠦᠯᠪᠡ᠃    ᠲᠡᠦᠬᠡ ᠶᠢᠨ ᠮᠦᠽᠧᠢ ᠶᠢᠨ ᠣᠷᠳᠣᠨ ᠭᠠᠷᠠᠭ ᠤᠨ ᠬᠤᠶᠠᠷ ᠠᠴᠠ ᠭᠠᠷᠠᠭ ᠤᠨ ᠡᠳᠦᠷ ᠪᠣᠯᠲᠠᠯ᠎ᠠ ᠡᠳᠦᠷ ᠪᠦᠷᠢ 9:00-17:00 ᠲᠤ ᠨᠡᠭᠡᠭᠡᠵᠦ᠂ ᠭᠠᠷᠠᠭ ᠤᠨ ᠨᠢᠭᠡᠨ ᠳᠤ ᠡᠭᠦᠳᠡ ᠪᠠᠨ ᠬᠠᠭᠠᠨ᠎ᠠ᠃    ᠬᠠᠷᠢᠯᠴᠠᠬᠤ ᠤᠲᠠᠰᠤ᠄ 18604813333
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ