ᠠᠩᠴᠢᠨ ᠤ ᠠᠶᠢᠮᠠᠭ
ᠨᠡᠶᠢᠲᠡᠯᠡᠭᠰᠡᠨ ᠴᠠᠭ᠄
2025/6/24
   ᠣᠷᠴᠣᠨ ᠤ ᠠᠩᠴᠢᠳ ᠤᠨ ᠠᠶᠢᠮᠠᠭ ᠨᠢ ᠵᠠᠯᠠᠨ ᠠᠶᠢᠯ ᠬᠤᠳᠠ ᠶᠢᠨ ᠲᠣᠭᠤᠷᠢᠭ ᠠᠴᠠ ᠪᠠᠷᠠᠭᠤᠨ ᠬᠤᠶᠢᠰᠢ 32 ᠺᠢᠯᠤᠮᠥᠳ᠋ᠷ ᠵᠠᠶᠢᠲᠠᠢ ᠣᠷᠴᠣᠨ ᠦᠨᠳᠦᠰᠦᠲᠡᠨ ᠤ ᠰᠢᠶᠠᠩ ᠳᠤ ᠪᠠᠶᠢᠷᠢᠯᠠᠵᠤ᠂ ᠦᠨᠳᠦᠰᠦᠲᠡᠨ ᠤ ᠵᠠᠩ ᠳᠠᠳᠬᠠᠯ ᠤᠨ ᠣᠨᠴᠠᠯᠢᠭ ᠠᠴᠠ ᠪᠣᠯᠵᠤ᠂ ᠣᠷᠴᠣᠨᠴᠤᠳ ᠡᠷᠲᠡ ᠦᠶ᠎ᠡ ᠳᠡᠭᠡᠨ ᠠᠩ ᠠᠩᠨᠠᠯ ᠢᠶᠠᠷ ᠠᠮᠢᠳᠤᠷᠠᠵᠤ ᠪᠠᠶᠢᠪᠠ᠃ ᠶᠠᠯᠦ ᠭᠤᠣᠯ ᠤᠨ ᠬᠤᠶᠠᠷ ᠡᠷᠭᠢ ᠳᠤ ᠬᠡᠭᠡᠷ᠎ᠡ ᠶᠢᠨ ᠠᠮᠢᠲᠠᠨ ᠮᠠᠰᠢ ᠣᠯᠠᠨ ᠪᠠᠶᠢᠵᠤ᠂ ᠭᠤᠣᠯ ᠤᠨ ᠡᠮᠦᠨ᠎ᠡ ᠡᠷᠭᠢ ᠶᠢᠨ ᠥᠨᠳᠥᠷ ᠠᠭᠤᠯᠠ ᠥᠨᠳᠥᠷ ᠳᠠᠪᠠᠭ᠎ᠠ ᠶᠢᠨ ᠳᠣᠲᠣᠷ᠎ᠠ ᠬᠡᠭᠡᠷ᠎ᠡ ᠶᠢᠨ ᠠᠷᠢᠶᠠᠲᠠᠨ ᠦᠷᠭᠦᠯᠵᠢ ᠭᠠᠷᠴᠤ ᠢᠷᠡᠳᠡᠭ ᠲᠤᠯᠠ ᠣᠷᠴᠣᠨ ᠤ ᠠᠩᠴᠢᠳ ᠭᠤᠣᠯ ᠤᠨ ᠬᠤᠶᠢᠲᠤ ᠡᠷᠭᠢ ᠳᠤ ᠴᠠᠭᠠᠨ ᠬᠤᠰᠤᠨ ᠮᠣᠳᠣ ᠪᠠᠷ ᠮᠠᠰᠢ ᠣᠯᠠᠨ ᠮᠣᠳᠣᠨ ᠰᠡᠶᠢᠯᠦᠮᠡᠯ ᠤᠨ ᠨᠣᠷᠣᠮ ᠪᠠᠶᠢᠭᠤᠯᠵᠣ᠂ ᠯᠣᠣ ᠶᠢᠨ ᠦᠷᠦᠳᠡᠰᠦ ᠶᠢ ᠦᠷᠦᠵᠦ᠂ ᠠᠩ ᠠᠩᠨᠠᠬᠤ ᠳᠤ ᠬᠥᠯ ᠲᠣᠭᠲᠠᠬᠤ ᠭᠠᠵᠠᠷ ᠪᠣᠯᠭᠠᠵᠤ᠂ ᠠᠩᠴᠢᠳ ᠤᠨ ᠠᠶᠢᠮᠠᠭ ᠢ ᠪᠤᠶ ᠪᠣᠯᠭᠠᠵᠠᠢ᠃  
1.jpg
    ᠠᠩᠴᠢᠨ ᠤ ᠠᠶᠢᠮᠠᠭ ᠢᠶᠠᠷ ᠵᠤᠭᠠᠴᠠᠬᠤ ᠳᠤ ᠲᠠ ᠣᠷᠴᠣᠨ ᠤ ᠦᠨᠳᠦᠰᠦᠲᠡᠨ ᠤ ᠵᠠᠩ ᠦᠢᠯᠡ ᠪᠠᠷ ᠥᠳᠬᠡᠨ ᠵᠤᠵᠠᠭᠠᠨ ᠮᠣᠳᠣᠨ ᠦᠷᠦᠭᠡ᠂ ᠵᠤᠰᠠᠯᠠᠩ ᠤᠨ ᠰᠠᠭᠤᠴᠠ᠂ 3300 ᠲᠡᠭᠰᠢ ᠳᠥᠷᠪᠡᠯᠵᠢᠨ ᠮᠧᠳ᠋ᠷ ᠤᠨ ᠦᠨᠳᠦᠰᠦᠲᠡᠨ ᠤ ᠪᠠᠭᠤᠳᠠᠯ ᠤᠨ ᠡᠯ᠎ᠡ ᠵᠦᠢᠯ ᠤᠨ ᠪᠠᠷᠢᠮᠵᠢᠶᠠᠲᠤ ᠦᠷᠦᠭᠡ᠂ ᠢᠵᠢ ᠦᠷᠦᠭᠡ ᠶᠢᠨ 50 ᠭᠠᠷᠤᠢ ᠲᠠᠰᠤᠯᠭ᠎ᠠ ᠨᠢ ᠲᠠᠨ ᠳᠤ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠩᠭᠠᠵᠤ ᠦᠭᠭᠦᠨ᠎ᠡ᠃ ᠠᠭᠤᠵᠢᠮ ᠬᠤᠭᠤᠯᠠᠨ ᠤ ᠲᠢᠩᠬᠢᠮ ᠪᠣᠯᠣᠨ ᠬᠡᠭᠡᠨᠴᠢᠷ ᠰᠠᠢᠬᠠᠨ ᠲᠤᠰᠬᠠᠢ ᠥᠷᠥᠭᠡ ᠴᠦ ᠲᠠᠨ ᠳᠤ ᠲᠤᠬᠠᠢ ᠶᠢᠨ ᠭᠠᠵᠠᠷ ᠤᠨ ᠬᠤᠪᠣᠷ ᠨᠠᠨᠳᠢᠨ ᠬᠡᠭᠡᠷ᠎ᠡ ᠶᠢᠨ ᠠᠮᠲᠠ ᠶᠢ ᠠᠮᠲᠠᠯᠠᠭᠤᠯᠵᠤ ᠪᠣᠯᠣᠨ᠎ᠠ᠃ 200  ᠺᠦᠸᠡᠲ ᠮᠧᠲᠷ ᠣᠷᠴᠢᠮ ᠤᠨ ᠬᠤᠷᠠᠯ ᠤᠨ ᠭᠡᠷ ᠪᠣᠯ ᠲᠠᠨ ᠤ ᠬᠤᠳᠠᠯᠳᠤᠭᠠᠨ ᠤ ᠶᠠᠪᠤᠳᠠᠯ ᠤᠨ ᠬᠤᠷᠠᠯ ᠤᠨ ᠬᠠᠮᠤᠭ ᠤᠨ ᠰᠠᠶᠢᠨ ᠰᠣᠩᠭᠤᠯᠲᠠ ᠪᠣᠯᠬᠤ ᠪᠥᠭᠡᠳ ᠵᠣᠴᠢᠳ ᠤᠨ ᠪᠠᠭᠤᠳᠠᠯ ᠤᠨ ᠳᠣᠲᠣᠷᠠᠬᠢ ᠠᠷᠢᠬᠢᠨ ᠪᠠᠭᠠᠷ ᠪᠠ ᠣᠯᠠᠨ ᠬᠡᠷᠡᠭᠴᠡᠭᠡᠲᠦ ᠵᠤᠭ᠎ᠠ ᠴᠡᠩᠭᠡᠯ ᠤᠨ ᠭᠡᠷ ᠨᠢ ᠲᠠᠨ ᠤ ᠵᠤᠭᠠᠴᠠᠨ ᠠᠮᠠᠷᠠᠬᠤ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡᠨ ᠤ ᠴᠢᠯᠦᠭᠡᠨ ᠳᠤ ᠨᠢᠭᠡᠨ ᠰᠤᠯᠠ ᠰᠡᠯᠡᠭᠦᠦ ᠲᠠᠯᠠᠪᠤᠷ ᠬᠠᠩᠭᠠᠵᠤ ᠪᠣᠯᠣᠨ᠎ᠠ᠃ ᠰᠥᠨᠢ ᠶᠢᠨ ᠲᠦᠳᠡᠭ ᠭᠠᠯ ᠤᠨ ᠦᠳᠡᠰᠢᠯᠡᠭᠡ ᠳᠡᠭᠡᠷᠡᠬᠢ ᠦᠨᠳᠦᠰᠦᠲᠡᠨ ᠤ ᠪᠥᠵᠢᠭ ᠨᠢ ᠲᠠᠨ ᠳᠤ ᠣᠨᠴᠠ ᠪᠠᠶᠢᠳᠠᠭ ᠴᠥᠭᠡᠨ ᠲᠣᠭᠠᠲᠤ ᠦᠨᠳᠦᠰᠦᠲᠡᠨ ᠤ ᠵᠠᠩ ᠦᠶ᠋ᠯᠡ ᠶᠢ ᠮᠡᠳᠡᠷᠡᠭᠦᠯᠦᠨ᠎ᠡ᠃   
2.jpg
    ᠤᠤᠯ ᠠᠴᠠ ᠪᠠᠨ ᠶᠠᠯᠦ ᠮᠥᠷᠡᠨ ᠤ ᠤᠷᠤᠰᠬᠠᠯ ︽ᠳᠤᠮᠳᠠᠳᠤ ᠤᠯᠤᠰ ᠤᠨ ᠤᠮᠠᠷᠠᠲᠤ ᠣᠷᠣᠨ ᠳᠤ ᠨᠢᠭᠡᠳᠦᠭᠡᠷ ᠬᠦᠪᠦᠮᠡᠯ︾ ᠭᠡᠬᠦ ᠠᠯᠳᠠᠷ ᠲᠠᠢ ᠪᠠᠶᠢᠵᠤ᠂ ᠬᠤᠶᠠᠷ ᠡᠷᠭᠢ ᠶᠢᠨ ᠬᠥᠬᠡᠮᠳᠦᠭ ᠠᠭᠤᠯᠠ ᠨᠢ ᠦᠷᠭᠦᠯᠵᠢᠯᠡᠨ᠂ ᠬᠡᠭᠡᠷ᠎ᠡ ᠶᠢᠨ ᠴᠡᠴᠡᠭ ᠥᠩᠭᠡ ᠪᠤᠯᠢᠶᠠᠯᠳᠤᠨ᠂ ᠭᠤᠣᠯ ᠤᠨ ᠤᠰᠤ ᠨᠢ ᠢᠷᠤᠭᠠᠷ ᠨᠢ ᠬᠠᠷᠠᠭᠳᠠᠵᠤ᠂ ᠤᠰᠤᠨ ᠳᠡᠭᠡᠷ᠎ᠡ ᠥᠩᠭᠡᠲᠦ ᠡᠷᠪᠡᠬᠡᠢ ᠬᠠᠯᠢᠨ ᠨᠢᠰᠦᠨ᠎ᠡ᠃ ᠡᠨᠡ ᠬᠦ ᠴᠤᠭᠯᠠᠭᠠᠨ ᠤ ᠦᠵᠡᠮᠦᠷᠢ᠂ ᠲᠠᠮᠢᠷ ᠤᠨ ᠬᠥᠳᠡᠯᠭᠡᠭᠡᠨ᠂ ᠰᠡᠯᠡᠭᠦᠴᠡᠯ ᠵᠤᠭ᠎ᠠ ᠴᠡᠩᠭᠡᠯ ᠤᠨ ᠤᠷᠤᠯᠳᠤᠭᠠᠨ ᠤ ᠵᠦᠢᠯ ᠪᠣᠯ ᠲᠠᠨ ᠤ ᠵᠤᠨ ᠤ ᠤᠯᠠᠷᠢᠯ ᠤᠨ ᠬᠠᠮᠤᠭ ᠤᠨ ᠰᠠᠶᠢᠨ ᠵᠢᠭᠤᠯᠴᠢᠯᠠᠯ ᠠᠮᠠᠷᠠᠯᠲᠠ ᠶᠢᠨ ᠰᠣᠩᠭᠤᠯᠲᠠ ᠪᠣᠯᠣᠨ᠎ᠠ᠃ ᠣᠷᠴᠣᠨ ᠤ ᠠᠩᠴᠢᠨ ᠠᠶᠢᠮᠠᠭ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠤᠨ ᠮᠣᠷᠢᠯᠠᠨ ᠰᠠᠭᠠᠲᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ︕                                             ᠨᠠᠨᠮᠦ ᠣᠷᠴᠣᠨ ᠤ ᠠᠩᠴᠢᠳ ᠤᠨ ᠠᠶᠢᠮᠠᠭ                                             ᠬᠠᠷᠢᠯᠴᠠᠬᠤ ᠤᠲᠠᠰᠤ᠄ 15540597888
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ