ᠲᠦᠷᠦᠭᠦᠬᠡᠨ᠂ ᠪᠥᠬᠦ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ | ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠦᠨ ᠯᠸᠢ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠯᠢ ᠴᠦᠨ ᠯᠸᠢ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠤᠨ ᠠᠭᠤᠯᠭ᠎ᠠ ᠶᠢᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠤᠭ ᠵᠣᠬᠢᠶᠠᠯ ᠠᠴᠠ | ᠰᠤᠷᠤᠯᠴᠠᠵᠤ ᠤᠭ ᠶᠣᠰᠣ ᠶᠢ ᠣᠶᠢᠯᠠᠭᠠᠵᠤ᠂ ᠦᠵᠡᠯ ᠰᠠᠨᠠᠭᠠᠨ ᠤ ᠲᠠᠯ᠎ᠠ ᠪᠠᠷ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ︽ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠵᠤ᠂ ︽ᠪᠡᠶ᠎ᠡ ᠪᠠᠨ ᠪᠠᠷᠢᠬᠤ ᠬᠤᠷᠢᠭ᠎ᠠ ᠱᠤᠭᠤᠮ︾ ᠢ ᠴᠢᠩᠭ᠎ᠠ ᠰᠠᠬᠢᠵᠤ᠂ ᠰᠤᠷᠲᠠᠯ ᠵᠢᠴᠢ ᠢᠯᠵᠠᠷᠠᠯ ᠤᠨ | ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠨᠠᠮᠴᠢ ᠴᠢᠨᠠᠷ ᠢᠶᠠᠨ ᠲᠠᠰᠤᠷᠠᠯᠲᠠ ᠦᠭᠡᠢ ᠳᠠᠪᠲᠠᠨ ᠪᠤᠯᠪᠠᠰᠤᠷᠠᠵᠦ᠂ ᠦᠵᠡᠯ ᠰᠠᠨᠠᠭᠠᠨ ᠤ | ᠤᠬᠠᠮᠰᠠᠷ ᠢᠶᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠱᠠᠭᠠᠷᠳᠠᠯᠭ᠎ᠠ ᠶᠢ | ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠰᠤᠷᠤᠯᠴᠠᠬᠤ ᠂ ᠪᠠᠶᠢᠴᠠᠭᠠᠬᠤ ᠂ ᠰᠠᠶᠢᠵᠢᠷᠠᠭᠤᠯᠬᠤ ᠶᠢ ᠵᠡᠷᠭᠡ ᠪᠠᠷ ᠶᠠᠪᠤᠭᠳᠠᠭᠤᠯᠵᠤ᠂ ᠬᠡᠷᠡᠭ ᠤᠨ ᠵᠢᠱᠢᠶ᠎ᠡ ᠠᠴᠠ | ᠰᠤᠷᠭᠠᠮᠵᠢ ᠠᠪᠴᠤ᠂ ᠬᠢᠳᠤᠭᠠᠨ ᠢᠷ ᠢ ᠳᠣᠲᠣᠭᠰᠢ ᠬᠠᠨᠳᠤᠭᠤᠯᠤᠨ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠭᠦᠨᠵᠡᠭᠡᠶᠢᠷᠡᠭᠦᠯᠵᠦ᠂ ᠰᠡᠷᠡᠮᠵᠢᠯᠡᠭᠦᠯᠦᠨ ᠰᠦᠷᠳᠡᠭᠦᠯᠬᠦ ᠶᠢ ᠡᠷᠡᠰ ᠬᠦᠴᠦᠲᠡᠢ ᠴᠢᠩᠭᠠᠳᠬᠠᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ | ᠴᠤᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠬᠤ ᠂ ᠪᠠᠶᠢᠴᠠᠭᠠᠬᠤ ᠂ ᠰᠠᠶᠢᠵᠢᠷᠠᠭᠤᠯᠬᠤ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ | ᠯᠢ ᠴᠦᠨ ᠯᠸᠢ ᠴᠢᠬᠤᠯᠠᠴᠢᠯᠠᠭᠰᠠᠨ ᠨᠢ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠯᠴᠠᠭ᠎ᠠ ᠶᠢ ᠢᠮᠠᠭᠲᠠ ᠪᠠᠷᠢᠮᠲᠠᠯᠠᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠬᠤ ᠶᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ | ᠲᠥᠯᠥᠭᠡ ᠪᠠᠶᠢᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠨᠠᠮ ᠪᠣᠯᠤᠨ ᠠᠷᠠᠳ | ᠲᠦᠮᠡᠨ ᠳᠤ ᠬᠠᠷᠢᠭᠤᠴᠠᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠤᠯᠤᠰ ᠲᠦᠷᠦ ᠶᠢᠨ ᠠᠮᠢ ᠠᠬᠤᠢ ᠳᠤ ᠬᠠᠷᠢᠭᠤᠴᠠᠵᠤ᠂ ᠺᠠᠳ᠋ᠷ ᠤᠨ | ᠡᠷᠡᠭᠦᠯ ᠢᠶᠠᠷ ᠦᠰᠦᠨ ᠪᠤᠶᠢᠵᠢᠬᠤ ᠳᠤ ᠬᠠᠷᠢᠭᠤᠴᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠳᠤ ᠬᠤᠭᠤᠰᠣᠨ ᠭᠠᠵᠠᠷ ᠦᠯᠡᠳᠡᠭᠡᠬᠦ ᠦᠭᠡᠢ᠂ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ |