17 ᠤ ᠡᠳᠦᠷ ᠬᠦᠮᠣᠠ ᠤ ᠬᠦᠴᠣᠠ ᠤ ᠡᠭᠢ ᠪᠠᠶᠠᠯᠢᠭ ᠪᠠ ᠨᠠᠶᠢᠭᠡᠮ ᠤᠨ ᠪᠠᠲᠣᠯᠠᠭ᠎ᠠ ᠶᠢᠨ ᠶᠠᠮᠣᠠ ᠠᠴᠠ ᠰᠣᠷᠪᠣᠯᠵᠢᠯᠠᠭᠴᠢ ᠶᠢᠨ ᠣᠶᠢᠯᠠᠭᠠᠭᠰᠠᠨ ᠢᠶᠠᠷ᠂ | 2025 ᠣᠨ ᠤ ︽ᠵᠠᠭᠤᠨ ᠡᠳᠦᠷ ᠲᠤ ᠮᠢᠩᠭ᠎ᠠ ᠲᠦᠮᠡᠨ ᠠᠵᠢᠯᠲᠠᠨ ᠤᠷᠢᠵᠤ ᠡᠯᠰᠡᠬᠦ ᠲᠤᠰᠬᠠᠢ ᠠᠵᠢᠯᠯᠠᠭ᠎ᠠ︾ ᠶᠢ ᠲᠤᠰ ᠡᠳᠦᠷ ᠡᠬᠢᠯᠡᠭᠦᠯᠪᠡ᠃ ᠲᠣᠰ | ᠤᠳᠠᠭᠠᠨ ᠤ ᠠᠵᠢᠯᠯᠠᠭ᠎ᠠ ᠨᠢ ︽ᠠᠵᠢᠯ ᠣᠯᠭᠤᠯᠲᠠ ᠪᠠᠷ ᠢᠷᠡᠭᠡᠳᠦᠶ ᠪᠠᠨ ᠬᠥᠲᠥᠯᠦᠨ ᠳᠠᠭᠠᠭᠤᠯᠵᠤ ᠵᠠᠯᠠᠭᠤ ᠨᠠᠰᠤᠨ ᠤ ᠬᠦᠰᠡᠯ ᠢᠶᠠᠨ ᠴᠣᠭᠴᠠᠯᠠᠬᠤ︾ ᠪᠠᠷ ᠭᠤᠤᠯ | ᠰᠡᠳᠦᠪ ᠪᠣᠯᠭᠠᠵᠤ᠂ 100 ᠰᠢᠬᠠᠮ ᠡᠳᠦᠷ ᠤᠨ ᠴᠠᠭ ᠢ ᠵᠠᠷᠤᠴᠠᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠤᠯᠳᠠᠯᠭ᠎ᠠ ᠪᠣᠯᠭᠠᠭᠰᠠᠨ ᠡᠯ᠎ᠡ | ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠵᠤ᠂ ᠮᠢᠩᠭ᠎ᠠ ᠲᠦᠮᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠭᠡᠭᠡᠨ ᠴᠤᠭᠯᠠᠭᠤᠯᠵᠤ᠂ ᠠᠵᠢᠯ ᠤᠨ | ᠪᠠᠶᠢᠷᠢ ᠶᠢ ᠲᠥᠪᠯᠡᠷᠡᠭᠦᠯᠦᠨ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠣᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠤᠨ᠎ᠠ᠃ | ᠲᠤᠬᠠᠶ ᠶᠢᠨ ᠲᠠᠯᠠᠪᠤᠷ ᠲᠠᠬᠢ ᠤᠷᠢᠨ ᠡᠯᠰᠡᠯᠲᠡ ᠨᠢ ᠬᠥᠭᠵᠢᠯᠲᠡ ᠶᠢᠨ ᠬᠤᠰᠢᠭᠤᠷᠠᠯ᠂ ᠬᠡᠷᠡᠭᠴᠡᠭᠡ ᠱᠠᠭᠠᠷᠳᠠᠯᠭ᠎ᠠ ᠳᠤᠲᠠᠭᠳᠠᠵᠤ ᠪᠠᠶᠢᠭ᠎ᠠ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠭᠤ ᠵᠣᠬᠢᠶᠠᠮᠠᠯ ᠣᠶᠤᠨ᠂ ᠲᠡᠷᠢᠭᠦᠨ ᠤ ᠦᠢᠯᠡᠳᠭᠡᠯ᠂ ᠣᠲᠣ ᠦᠶ᠎ᠡ ᠶᠢᠨ ᠦᠢᠯᠡᠴᠢᠯᠡᠭᠡ᠂ ᠣᠯᠠᠨ ᠤᠯᠤᠰ ᠤᠨ | ᠠᠷᠠᠯᠵᠢᠶ᠎ᠠ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠳᠤ ᠬᠠᠨᠳᠤᠭᠤᠯᠤᠨ᠂ ᠠᠵᠢᠯ ᠲᠥᠷᠥᠯ ᠤᠨ ᠴᠢᠨᠠᠷᠲᠠᠶ ᠲᠤᠰᠬᠠᠶ ᠲᠠᠯᠠᠪᠤᠷ ᠤᠨ ᠠᠵᠢᠯᠲᠠᠨ ᠤᠷᠢᠵᠤ ᠡᠯᠰᠡᠬᠦ | ᠠᠵᠢᠯᠯᠠᠭ᠎ᠠ ᠥᠷᠨᠢᠭᠦᠯᠦᠨ᠎ᠡ︔ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠤᠯᠤᠰ ᠤᠨ ᠳᠣᠲᠣᠭᠠᠳᠤ ᠶᠢᠨ | ᠶᠡᠭᠡ ᠣᠷᠴᠢᠯ ᠢ ᠬᠦᠴᠦᠷᠬᠡᠭᠵᠢᠭᠦᠯᠬᠦ ᠵᠡᠷᠭᠡ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠭᠤᠷᠪᠠ | ᠳᠥᠷᠪᠡᠳᠦᠭᠡᠷ ᠵᠡᠷᠭᠡᠯᠡᠯ ᠤᠨ ᠬᠤᠲᠠ ᠵᠡᠷᠭᠡ ᠳᠤ ᠭᠤᠤᠯᠳᠠᠯᠭ᠎ᠠ ᠲᠠᠢ ᠪᠠᠷ ᠣᠷᠣᠨ ᠪᠦᠰᠡ ᠶᠢᠨ ᠴᠢᠨᠠᠷᠲᠠᠶ ᠠᠵᠢᠯᠲᠠᠨ ᠤᠷᠢᠵᠤ ᠡᠯᠰᠡᠬᠦ ᠲᠤᠰᠬᠠᠶ ᠠᠵᠢᠯᠯᠠᠭ᠎ᠠ | ᠥᠷᠨᠢᠭᠦᠯᠦᠨ᠎ᠡ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠮᠡᠷᠭᠡᠵᠢᠯ ᠤᠨ ᠴᠢᠨᠠᠷᠲᠠᠶ | ᠲᠤᠰᠬᠠᠶ ᠲᠠᠯᠠᠪᠤᠷ ᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃ | ᠰᠦᠯᠵᠢᠶᠡᠨ ᠳᠡᠭᠡᠷᠡᠬᠢ ᠤᠷᠢᠨ ᠡᠯᠰᠡᠯᠲᠡ ᠨᠢ ᠳᠤᠮᠳᠠᠳᠤ ᠤᠯᠤᠰ ᠤᠨ ᠣᠯᠠᠨ ᠨᠡᠶᠢᠲᠡ ᠶᠢᠨ ᠠᠵᠢᠯᠲᠠᠨ ᠤᠷᠢᠵᠤ ᠡᠯᠰᠡᠬᠦ ᠰᠦᠯᠵᠢᠶ᠎ᠡ᠂ ᠳᠤᠮᠳᠠᠳᠤ ᠤᠯᠤᠰ ᠤᠨ | ᠤᠯᠤᠰ ᠤᠨ ᠴᠢᠳᠠᠪᠤᠷᠢᠲᠠᠨ ᠤ ᠰᠦᠯᠵᠢᠶ᠎ᠡ ᠵᠢᠴᠢ ︽ᠠᠵᠢᠯ ᠣᠯᠭᠤᠯᠲᠠ ᠶᠢᠨ ᠰᠦᠯᠵᠢᠶ᠎ᠡ︾ ᠳᠤ ᠬᠤᠷᠠᠯ ᠤᠨ ᠭᠤᠤᠯ ᠲᠠᠯᠠᠪᠠᠶ ᠭᠠᠷᠭᠠᠭᠰᠠᠨ ᠪᠥᠭᠡᠳ ᠠᠵᠢᠯ | ᠣᠯᠭᠤᠯᠲᠠ ᠶᠢ ᠬᠥᠲᠥᠯᠦᠨ ᠵᠢᠯᠣᠭᠤᠳᠬᠤ ᠭᠠᠵᠠᠷ ᠤᠨ ᠵᠢᠷᠤᠭ ᠭᠠᠷᠭᠠᠪᠠ᠃ ᠠᠵᠢᠯᠯᠠᠭ᠎ᠠ ᠨᠢ ᠭᠤᠤᠯᠳᠠᠯᠭ᠎ᠠ ᠪᠣᠯᠬᠤ ᠠᠵᠢᠯ ᠲᠥᠷᠥᠯ᠂ ᠭᠤᠤᠯᠳᠠᠯᠭ᠎ᠠ ᠪᠣᠯᠬᠤ | ᠲᠥᠷᠥᠯ ᠵᠦᠢᠯ᠂ ᠭᠤᠤᠯᠳᠠᠯᠭ᠎ᠠ ᠪᠣᠯᠬᠤ ᠶᠡᠭᠡ ᠳᠡᠭᠡᠳᠦ ᠰᠤᠷᠭᠠᠭᠤᠯᠢ᠂ ᠭᠤᠤᠯᠳᠠᠯᠭ᠎ᠠ ᠪᠣᠯᠬᠤ ᠲᠤᠰᠬᠠᠶ ᠮᠡᠷᠭᠡᠵᠢᠯ ᠠᠴᠠ ᠲᠡᠭᠦᠰᠦᠭᠰᠡᠳ ᠵᠡᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠤᠯ ᠰᠡᠳᠦᠪ᠂ ᠠᠵᠢᠯ ᠲᠥᠷᠥᠯ ᠪᠠ ᠣᠯᠠᠨ ᠲᠦᠮᠡᠨ ᠳᠤ ᠬᠠᠨᠲᠤᠭᠤᠯᠤᠨ ᠰᠢᠭᠤᠳ ᠨᠡᠪᠲᠡᠷᠡᠭᠦᠯᠭᠡ ᠪᠠᠷ ᠲᠤᠰ ᠲᠤᠰ ᠲᠤ ᠨᠢ ᠠᠵᠢᠯ ᠤᠨ | ᠪᠠᠶᠢᠷᠢ ᠲᠠᠨᠢᠯᠴᠠᠭᠤᠯᠬᠤ ᠪᠣᠯᠤᠨ᠎ᠠ᠃ ᠠᠩᠬᠠᠨ ᠤ ᠭᠠᠷᠠᠭ ᠲᠤ᠂ ᠰᠦᠯᠵᠢᠶᠡᠨ ᠳᠡᠭᠡᠷᠡᠬᠢ ᠠᠵᠢᠯᠲᠠᠨ ᠤᠷᠢᠵᠤ ᠡᠯᠰᠡᠬᠦ ᠲᠠᠪᠴᠠᠩ ᠳᠤ ᠵᠣᠬᠢᠶᠠᠮᠠᠯ ᠣᠶᠣᠨ ᠤ ᠠᠵᠢᠯ | ᠲᠥᠷᠥᠯ᠂ ᠡᠨᠧᠷᠭᠢ ᠶᠢᠨ ᠠᠵᠢᠯ ᠲᠥᠷᠥᠯ᠂ ᠦᠢᠯᠡᠳᠬᠦ ᠦᠢᠯᠡᠰ᠂ ᠰᠢᠨ᠎ᠡ ᠪᠠᠷ ᠬᠥᠭᠵᠢᠵᠦ ᠪᠠᠶᠢᠭ᠎ᠠ ᠠᠵᠢᠯ ᠲᠥᠷᠥᠯ ᠵᠡᠷᠭᠡ ᠠᠵᠢᠯᠲᠠᠨ ᠤᠷᠢᠵᠤ ᠡᠯᠰᠡᠬᠦ 4 | ᠲᠤᠰᠬᠠᠶ ᠲᠠᠯᠠᠪᠠᠶ ᠳᠣᠬᠢᠷᠠᠭᠤᠯᠵᠤ᠂ ᠨᠡᠶᠢᠲᠡ 1300 ᠭᠠᠷᠤᠶ ᠬᠥᠮᠦᠨ ᠬᠡᠷᠡᠭᠯᠡᠬᠦ ᠨᠢᠭᠡᠴᠢ ᠳᠤ ᠠᠵᠢᠯᠲᠠᠨ ᠤᠷᠢᠵᠤ ᠬᠡᠷᠡᠭᠯᠡᠬᠦ ᠬᠡᠷᠡᠭᠴᠡᠭᠡ ᠶᠢ 4.5 ᠲᠦᠮᠡᠨ | ᠬᠥᠮᠦᠨ ᠤᠳᠠᠭ᠎ᠠ ᠬᠠᠩᠭᠠᠪᠠ᠃ |