︵2025 ᠣᠨ ᠤ 3 ᠰᠠᠷ᠎ᠠ ᠶᠢᠨ 2 ᠤᠨ ᠡᠳᠦᠷ︶ | ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠵᠦᠢᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠨᠠᠩ ᠲᠥᠪ ᠭᠤᠤᠯᠴᠢ᠂ ᠲᠡᠩᠴᠡᠭᠦᠷᠢᠲᠡᠢ᠂ ᠲᠦᠭᠡᠮᠡᠯ ᠬᠠᠷᠠᠭᠠᠯᠵᠠᠯᠲᠤ᠂ | ᠬᠦᠷᠦᠯᠴᠡᠬᠦ᠋ᠢᠴᠡ ᠪᠤᠯᠭᠠᠬᠤ ᠶᠢᠨ ᠲᠥᠯᠥᠭᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠣᠲᠣ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠨᠡᠶᠢᠭᠡᠮ ᠤᠨ ᠪᠠᠲᠤᠯᠠᠭ᠎ᠠ ᠶᠢᠨ ᠲᠥᠪ ᠭᠤᠣᠯᠴᠢ ᠴᠢᠨᠠᠷ ᠢ ᠴᠢᠩᠭᠠᠳᠬᠠᠨ᠎ᠠ | ︵ᠨᠢᠭᠡ︶ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠠᠬᠢ | ᠨᠡᠶᠢᠭᠡᠮ ᠤᠨ ᠳᠠᠭᠠᠳᠬᠠᠯ ᠤᠨ ᠭᠤᠣᠯ ᠴᠣᠭᠴᠠ ᠶᠢᠨ ᠦᠢᠯᠡᠳᠦᠯ ᠢ ᠴᠢᠩᠭᠠᠳᠬᠠᠵᠤ᠂ ᠠᠮᠢᠳᠤᠯᠢᠭ ᠢᠶᠠᠷ ᠠᠵᠢᠯ ᠣᠯᠬᠤ ᠬᠥᠮᠥᠰ᠂ ᠬᠥᠯᠥᠰᠦᠨ ᠲᠠᠷᠢᠶᠠᠴᠢᠨ᠂ | ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠮᠥᠰ ᠤᠨ ᠨᠡᠶᠢᠭᠡᠮ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠵᠦ᠂ ᠠᠵᠢᠯ ᠣᠯᠣᠭᠰᠠᠨ ᠭᠠᠵᠠᠷ ᠲᠤ | ᠨᠡᠶᠢᠭᠡᠮ ᠤᠨ ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠢᠵᠠᠭᠠᠷᠯᠠᠯ ᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠳᠠᠭᠠᠳᠬᠠᠯ ᠳᠤ ᠣᠷᠣᠬᠤ ᠶᠢ | ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠰᠢᠯᠵᠢᠭᠦᠯᠦᠨ ᠵᠠᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ | ᠠᠵᠢᠯ ᠣᠯᠣᠭᠰᠠᠳ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠪᠠ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠬᠠᠷᠢᠴᠠᠯ ᠢ | ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠦᠢᠳᠬᠡᠯ ᠲᠤᠰᠢᠶᠠᠬᠤ ᠲᠠᠰ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠦᠢᠳᠬᠡᠯ ᠲᠤᠰᠢᠶᠠᠬᠤ ᠨᠥᠬᠦᠪᠦᠷᠢ ᠶᠢᠨ ᠲᠦᠪᠰᠢᠨ ᠢ ᠵᠦᠢ ᠵᠣᠬᠢᠰᠲᠠᠢ | ᠲᠣᠭᠲᠠᠭᠠᠨ᠂ ᠰᠦᠢᠳᠬᠡᠯ ᠲᠤᠰᠢᠶᠠᠬᠤ ᠶᠢᠨ ᠠᠮᠢᠳᠤᠯᠢᠭ ᠴᠢᠨᠠᠷ ᠢ ᠵᠣᠬᠢᠰᠲᠠᠢ ᠨᠡᠮᠡᠭᠳᠡᠭᠦᠯᠵᠦ᠂ ᠢᠯᠡᠭᠦᠦ ᠲᠤᠰᠢᠶᠠᠪᠠᠯ ᠢᠯᠡᠭᠦᠦ ᠣᠯᠬᠤ ᠤᠷᠮᠠᠰᠢᠭᠤᠯᠬᠤ | ᠲᠣᠭᠲᠠᠴᠠ ᠶᠢ ᠪᠦᠷᠢᠨᠰᠢᠭᠦᠯᠦᠨ᠎ᠡ᠃ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠳᠡᠯᠲᠡᠢ ᠬᠥᠮᠥᠰ | ᠵᠡᠷᠭᠡ ᠳᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ | ᠪᠡᠯᠡ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠵᠦ᠂ ᠰᠦᠢᠳᠬᠡᠯ ᠲᠤᠰᠢᠶᠠᠬᠤ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠤᠯᠬᠤ ᠣᠷᠣᠯᠭ᠎ᠠ ᠯᠤᠭ᠎ᠠ ᠬᠠᠷᠢᠯᠴᠠᠨ ᠬᠤᠯᠪᠣᠭᠳᠠᠭᠤᠯᠬᠤ ᠶᠢ ᠠᠬᠢᠭᠤᠯᠤᠨ᠂ ᠦᠷᠭᠦᠯᠵᠢᠯᠡᠨ ᠳᠠᠭᠠᠳᠬᠠᠯ ᠳᠤ ᠣᠷᠣᠯᠴᠠᠬᠰᠠᠨ ᠪᠠ ᠲᠣᠰ ᠵᠢᠯ ᠳᠤ | ᠲᠠᠩᠰᠠ ᠳᠠᠶᠢᠯᠠᠭᠰᠠᠨ ᠦᠭᠡᠢ ᠬᠥᠮᠥᠰ ᠲᠤ ᠲᠣᠭᠲᠠᠭᠠᠯ ᠶᠣᠰᠣᠭᠠᠷ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠣᠭᠠᠴᠠᠭ᠎ᠠ | ᠬᠢᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ | ᠮᠤᠵᠢ ᠠᠯᠤᠰᠯᠠᠨ ᠵᠣᠬᠢᠴᠠᠯᠳᠤᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠭᠦ ᠨᠥᠬᠦᠪᠦᠷᠢ ᠭᠤᠶᠤᠴᠢᠯᠠᠨ ᠠᠪᠬᠤ | ᠡᠲᠡᠭᠡᠳ ᠢ ᠦᠷᠭᠦᠯᠵᠢᠯᠡᠨ ᠠᠭᠤᠵᠢᠭᠤ ᠲᠠᠯᠪᠢᠵᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠲᠤ ᠣᠯᠭᠤᠨ᠎ᠠ᠃ ᠨᠥᠬᠦᠴᠡᠯ ᠲᠠᠢ | ᠭᠠᠵᠠᠷ ᠣᠷᠣᠨ ᠢ ᠳᠡᠮᠵᠢᠵᠦ ᠬᠥᠲᠥᠯᠥᠨ ᠵᠢᠯᠤᠭᠤᠳᠴᠤ ᠪᠠᠶᠢᠭᠠᠳ ᠦᠷᠡᠵᠢᠯ ᠤᠨ ᠳᠠᠭᠠᠳᠬᠠᠯ ᠤᠨ ᠦᠷᠡᠵᠢᠯ ᠤᠨ ᠨᠡᠮᠡᠭᠦᠷᠢ ᠮᠥᠩᠭᠦ ᠶᠢ ᠳᠡᠰ ᠳᠠᠷᠠᠭᠠᠯᠠᠯ ᠶᠣᠰᠣᠭᠠᠷ | ᠳᠠᠭᠠᠳᠬᠠᠯ ᠳᠤ ᠣᠷᠣᠯᠴᠠᠭᠰᠠᠳ ᠲᠤ ᠰᠢᠭᠤᠳ ᠣᠯᠭᠤᠨ᠎ᠠ᠃ ᠨᠡᠶᠢᠭᠡᠮ ᠤᠨ ᠳᠠᠭᠠᠳᠬᠠᠯ ᠬᠢᠭᠡᠳ ᠨᠡᠶᠢᠭᠡᠮ ᠤᠨ ᠲᠡᠳᠬᠦᠮᠵᠢ᠂ ᠨᠡᠶᠢᠭᠡᠮ ᠤᠨ ᠠᠰᠠᠷᠠᠮᠵᠢ ᠶᠢᠨ | ᠳᠦᠷᠢᠮ ᠢ ᠵᠣᠯᠭᠠᠭᠤᠯᠬᠤ ᠶᠢ ᠴᠢᠩᠭᠠᠳᠬᠠᠵᠤ᠂ ᠬᠦᠴᠢᠷᠳᠡᠯᠲᠡᠢ ᠬᠥᠮᠥᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠣᠷᠣᠯᠠᠨ ᠲᠤᠰᠢᠶᠠᠵᠤ ᠥᠭᠬᠦ ᠲᠥᠷᠥ ᠶᠢᠨ ᠪᠣᠳᠣᠯᠭ᠎ᠠ ᠶᠢ ᠨᠠᠷᠢᠨ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠣᠷᠣᠯᠭ᠎ᠠ ᠪᠠᠭᠠᠲᠠᠢ ᠬᠥᠮᠥᠨ ᠠᠮᠠ ᠶᠢᠨ | ᠲᠦᠭᠰᠢᠭᠦᠷᠢ ᠶᠢ ᠲᠤᠯᠬᠤ ᠴᠢᠳᠠᠪᠤᠷᠢ ᠶᠢ ᠴᠢᠩᠭᠠᠷᠠᠭᠤᠯᠤᠨ᠎ᠠ᠃ | ︵ᠬᠤᠶᠠᠷ︶ ᠣᠷᠣᠯᠭ᠎ᠠ ᠪᠠᠭᠠᠲᠠᠢ ᠬᠥᠮᠥᠰ ᠤᠨ ᠰᠠᠭᠤᠷᠢ ᠶᠢ ᠪᠠᠲᠤᠯᠠᠨ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠲᠣᠮᠣ ᠳ᠋ᠠᠶᠢᠲ᠋ᠠ ᠶᠢ ᠬᠠᠷᠭᠤᠭᠤᠯᠬᠤ | ᠬᠢᠭᠡᠳ ᠪᠣᠳᠠᠲᠠᠢ ᠭᠠᠵᠠᠷ ᠲᠤᠨᠢ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ | ᠬᠥᠳᠡᠯᠦᠩᠭᠦᠢ ᠪᠠᠷ ᠬᠢᠨᠠᠨ ᠬᠡᠮᠵᠢᠵᠦ ᠰᠡᠷᠡᠮᠵᠢᠯᠡᠭᠦᠯᠭᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠣᠯᠠᠨ ᠲᠦᠮᠡᠨ ᠢ ᠴᠠᠭ ᠲᠤᠬᠠᠢ ᠳᠤᠨᠢ ᠨᠡᠶᠢᠭᠡᠮ ᠤᠨ ᠠᠪᠤᠷᠠᠨ | ᠲᠤᠰᠠᠯᠠᠬᠤ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠲᠣᠭᠲᠠᠭᠠᠬᠤ ᠠᠷᠭ᠎ᠠ᠂ ᠣᠷᠣᠯᠭ᠎ᠠ ᠪᠠᠭᠠᠲᠠᠢ ᠭᠡᠷ ᠪᠦᠯᠢ ᠶᠢᠨ | ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠷᠭ᠎ᠠ ᠶᠢ ᠲᠣᠭᠲᠠᠭᠠᠨ᠂ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ᠂ ᠵᠠᠷᠤᠭᠤᠰᠢᠲᠠᠢ | ᠵᠠᠷᠤᠯᠭ᠎ᠠ ᠶᠢᠨ ᠲᠠᠯ᠎ᠠ ᠪᠠᠷ ᠬᠦᠴᠢᠷᠳᠡᠯᠲᠡᠢ ᠭᠡᠷ ᠪᠦᠯᠢ ᠶᠢ ᠬᠢᠨᠠᠨ ᠲᠣᠭᠲᠠᠭᠠᠬᠤ ᠶᠢ ᠪᠦᠭᠦ ᠲᠠᠯ᠎ᠠ ᠪᠠᠷ ᠥᠷᠨᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡᠨ ᠤ | ᠵᠠᠷᠤᠯᠭ᠎ᠠ ᠯᠤᠭ᠎ᠠ ᠬᠤᠯᠪᠣᠭᠳᠠᠭᠤᠯᠤᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠬᠢᠭᠡᠳ ᠨᠡᠶᠢᠭᠡᠮ ᠤᠨ ᠪᠤᠰᠤᠳ ᠠᠪᠤᠷᠠᠨ ᠲᠤᠰᠠᠯᠠᠬᠤ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠴᠢᠩᠭᠠᠳᠬᠠᠨ᠎ᠠ | ᠃ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ | ᠵᠦᠢ ᠵᠣᠬᠢᠰᠲᠠᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠴᠢᠳᠠᠪᠤᠷᠢᠲᠠᠨ ᠤ ᠬᠠᠮᠤᠭ ᠤᠨ ᠳᠣᠣᠷ᠎ᠠ ᠴᠠᠯᠢᠩ ᠤᠨ ᠲᠥᠷᠥᠯ ᠬᠤᠪᠢᠶᠠᠬᠤ ᠯᠠᠪᠯᠠᠯᠲᠠ ᠶᠢᠨ | ᠵᠢᠯᠣᠭᠤᠳᠤᠮᠵᠢ ᠶᠢ ᠲᠣᠭᠲᠠᠭᠠᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠨᠡᠭᠡᠭᠡᠨ ᠬᠥᠭᠵᠢᠭᠦᠯᠬᠦ ᠭᠡᠯᠪᠡᠷᠢ ᠪᠠᠷ ᠬᠠᠪᠰᠤᠷᠤᠨ ᠲᠡᠳᠬᠦᠵᠦ | ᠴᠢᠳᠠᠪᠤᠷᠢ ᠶᠢ ᠨᠢ ᠳᠡᠭᠡᠭᠰᠢᠯᠡᠭᠦᠯᠦᠨ ᠤᠷᠤᠯᠭ᠎ᠠ ᠶᠢ ᠨᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠭᠡᠷ ᠪᠦᠯᠢ ᠶᠢᠨ | ᠭᠦᠳᠡᠯᠮᠦᠷᠢ ᠬᠦᠴᠦᠨ ᠤ ᠭᠦᠳᠡᠯᠮᠦᠷᠢ ᠶᠢᠨ ᠭᠡᠮᠲᠦᠯ ᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠭᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠯᠭ᠎ᠠ ᠪᠠᠭᠠᠲᠠᠢ ᠬᠥᠮᠥᠨ ᠠᠮᠠ ᠶᠢ ᠡᠩ ᠲᠡᠷᠢᠭᠦᠨ ᠳᠤ ᠡᠯᠰᠡᠨ ᠲᠠᠶᠢᠴᠢᠯᠠᠵᠤ ᠲᠤᠬᠠᠢ ᠶᠢᠨ ᠭᠠᠵᠠᠷ ᠤᠨ ᠣᠶᠢᠷ᠎ᠠ | ᠬᠠᠪᠢ ᠳᠤᠨᠢ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ | ᠬᠤᠶᠠᠷ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠢ ᠳᠡᠭᠡᠭᠰᠢᠯᠡᠭᠦᠯᠦᠨ᠎ᠡ | ︵ᠭᠤᠷᠪᠠ︶ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠦᠨᠳᠦᠰᠦᠯᠡᠨ᠂ ᠭᠠᠵᠠᠷ ᠣᠷᠣᠨ ᠬᠤᠪᠢᠶᠠᠨ ᠬᠦᠷᠢᠶ᠎ᠡ ᠴᠠᠷᠠᠭ᠎ᠠ ᠬᠤᠪᠢᠶᠠᠭᠰᠠᠨ ᠦᠨᠳᠦᠰᠦᠨ | ᠦᠢᠯᠡᠴᠢᠯᠡᠭᠡᠨ ᠤ ᠲᠥᠷᠥᠯ ᠵᠦᠢᠯ ᠤᠨ ᠨᠠᠷᠢᠨ ᠳᠠᠩᠰᠠ᠂ ᠦᠨᠳᠦᠰᠦᠨ ᠶᠠᠰᠤ ᠴᠢᠨᠠᠷ ᠤᠨ ᠪᠠᠷᠢᠮᠵᠢᠶ᠎ᠠ᠂ ᠲᠡᠩᠴᠡᠭᠦᠷᠢᠲᠡᠢ ᠦᠨᠡᠯᠡᠨ ᠵᠢᠱᠢᠬᠦ ᠠᠷᠭ᠎ᠠ ᠶᠢ | ᠨᠠᠷᠢᠯᠢᠭᠵᠢᠭᠤᠯᠤᠨ ᠲᠣᠭᠲᠠᠭᠠᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠪᠣᠯᠣᠨ ᠡᠳ᠋ ᠤᠨ ᠵᠠᠰᠠᠭ ᠤᠨ ᠳᠠᠭᠠᠭᠠᠵᠤ ᠳᠡᠶᠢᠯᠭᠦ ᠴᠢᠳᠠᠪᠤᠷᠢ ᠶᠢ | ᠦᠨᠳᠦᠰᠦᠯᠡᠨ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠡᠮᠡᠭᠳᠡᠯ ᠦᠢᠯᠡᠴᠢᠯᠡᠭᠡᠨ ᠤ ᠵᠦᠢᠯᠡᠰ ᠢ ᠴᠠᠭ ᠲᠤᠨᠢ ᠲᠣᠬᠢᠷᠠᠭᠤᠯᠤᠨ | ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠳᠤ ᠣᠷᠣᠭᠤᠯᠤᠨ᠎ᠠ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠬᠢᠭᠡᠳ ᠬᠥᠮᠥᠨ ᠠᠮᠠ ᠶᠢᠨ ᠬᠤᠪᠢᠷᠠᠯᠲᠠ ᠶᠢ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠦᠢᠯᠡᠴᠢᠯᠡᠭᠡᠨ ᠤ ᠪᠦᠷᠬᠦᠴᠡ ᠨᠢ ᠵᠦᠢ ᠵᠣᠬᠢᠰᠲᠠᠢ᠂ | ᠬᠡᠪᠴᠢᠶ᠎ᠡ ᠨᠢ ᠲᠣᠬᠢᠷᠠᠮᠵᠢᠲᠠᠢ᠂ ᠴᠢᠳᠠᠮᠵᠢ ᠨᠢ ᠲᠣᠬᠢᠷᠠᠮᠵᠢᠲᠠᠢ᠂ ᠪᠠᠲᠤᠯᠠᠭ᠎ᠠ ᠨᠢ ᠬᠦᠴᠦᠲᠡᠢ ᠪᠠᠶᠢᠬᠤ ᠱᠠᠭᠠᠷᠳᠠᠯᠭ᠎ᠠ ᠶᠣᠰᠣᠭᠠᠷ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠤᠨ ᠬᠢᠨ ᠤ ᠦᠯᠡᠳᠡᠭᠡᠯ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠠᠰᠢᠭᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠳᠡᠮᠵᠢᠨ᠎ᠡ᠃ | ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠤᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠲᠣᠬᠢᠷᠠᠭᠤᠯᠤᠯᠲᠠ᠂ ᠴᠢᠳᠠᠪᠤᠷᠢᠲᠠᠨ ᠤ ᠲᠣᠬᠢᠷᠠᠭᠤᠯᠤᠯᠲᠠ ᠶᠢᠨ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠥᠬᠦᠴᠡᠯ ᠮᠠᠭᠤᠲᠠᠢ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠳᠤ ᠬᠠᠨᠳᠤᠭᠤᠯᠤᠨ ᠠᠮᠢᠳᠤᠯᠢᠭ | ᠭᠡᠯᠪᠡᠷᠢ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠲᠡᠮᠵᠢᠨ᠎ᠠ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠠᠷᠭ᠎ᠠ | ᠮᠠᠶ᠋ᠢᠭ ᠢ ᠰᠢᠯᠢᠳᠡᠭᠵᠢᠭᠦᠯᠵᠦ᠂ ᠨᠥᠬᠦᠴᠡᠯ ᠳᠤ ᠨᠡᠶᠢᠴᠡᠬᠦ ᠰᠢᠨ᠎ᠡ ᠪᠠᠷ ᠨᠡᠮᠡᠭᠳᠡᠭᠰᠡᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠤᠷᠢᠳ ᠢᠶᠠᠷ ᠬᠠᠩᠭᠠᠨ᠎ᠠ᠃ ᠲᠣᠭᠠᠴᠢᠯᠠᠭᠰᠠᠨ ᠣᠶᠤᠨᠴᠢ ᠮᠡᠷᠭᠡᠵᠢᠯ ᠬᠢᠭᠡᠳ ᠣᠯᠠᠨ ᠨᠡᠶᠢᠲᠡ ᠶᠢᠨ | ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠡᠳᠡᠭᠡ ᠵᠠᠩᠭᠢ ᠶᠢᠨ ᠳ᠋ᠠᠶᠢᠲ᠋ᠠ ᠶᠢ ᠬᠠᠷᠢᠯᠴᠠᠨ ᠨᠠᠪᠲᠠᠷᠡᠭᠦᠯᠵᠦ ᠬᠠᠮᠲᠤ ᠪᠠᠷ ᠡᠳ᠋ᠯᠡᠬᠦ ᠶᠢ ᠲᠦᠷᠭᠡᠳᠬᠡᠨ᠂ | ᠣᠷᠤᠭ ᠳᠠᠩᠰᠠᠯᠠᠭᠤᠯᠬᠤ ᠵᠡᠷᠭᠡ ᠪᠠᠶᠢᠩᠭᠤ ᠬᠡᠷᠡᠭᠯᠡᠭᠳᠡᠬᠦ ᠦᠢᠯᠡᠴᠢᠯᠡᠭᠡᠨ ᠤ ᠵᠦᠢᠯᠡᠰ ᠤᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠢᠵᠠᠭᠠᠷᠯᠠᠯ ᠢ ᠬᠦᠴᠦᠨ | ᠦᠭᠡᠢ ᠪᠤᠯᠭᠠᠵᠤ ᠪᠦᠭᠦ ᠤᠯᠤᠰ ᠲᠤ ᠨᠡᠶᠢᠳᠡᠮ ᠭᠦᠢᠴᠡᠳᠬᠡᠬᠦ ᠶᠢ ᠠᠬᠢᠭᠤᠯᠵᠤ᠂ ᠴᠢᠨᠠᠷ ᠰᠠᠶᠢᠲᠠᠢ ᠲᠣᠭᠠᠴᠢᠯᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ | ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ︵ᠳᠥᠷᠪᠡ︶ ᠪᠠᠶᠢᠩᠭᠤ ᠰᠠᠭᠤᠭ᠎ᠠ ᠭᠠᠵᠠᠷ ᠠᠴᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠦᠨ᠎ᠡ᠃ ᠪᠠᠶᠢᠩᠭᠤ ᠰᠠᠭᠤᠭ᠎ᠠ | ᠭᠠᠵᠠᠷ ᠲᠤ ᠰᠢᠭᠤᠳ ᠬᠠᠩᠭᠠᠬᠤ᠂ ᠣᠷᠣᠨ ᠪᠦᠰᠡ ᠠᠯᠤᠰᠯᠠᠨ ᠬᠠᠮᠵᠢᠯᠴᠠᠨ ᠭᠠᠷᠲᠠᠨ ᠭᠦᠢᠴᠡᠳᠬᠡᠬᠦ᠂ ᠰᠢᠯᠵᠢᠭᠦᠯᠦᠨ ᠵᠠᠯᠭᠠᠭᠤᠯᠬᠤ ᠵᠡᠷᠭᠡ ᠠᠷᠭ᠎ᠠ ᠮᠠᠶ᠋ᠢᠭ ᠢ | ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠠᠶᠢᠩᠭᠤ ᠰᠠᠭᠤᠭ᠎ᠠ ᠭᠠᠵᠠᠷ ᠠᠴᠠ ᠬᠠᠩᠭᠠᠬᠤ ᠪᠠᠷ | ᠲᠣᠬᠢᠷᠠᠭᠤᠯᠤᠨ᠎ᠠ᠃ ᠬᠥᠮᠥᠨ ᠠᠮᠠ ᠲᠥᠪᠯᠡᠷᠡᠨ ᠣᠷᠣᠬᠤ ᠬᠤᠲᠠ ᠶᠢᠨ ︽ᠨᠢᠭᠡ ᠬᠤᠲᠠ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢ ᠠᠬᠢᠭᠤᠯᠤᠨ | ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠨᠥᠬᠦᠴᠡᠯ ᠳᠤ ᠨᠡᠶᠢᠴᠡᠬᠦ | ᠬᠥᠳᠡᠭᠡ ᠠᠴᠠ ᠰᠢᠯᠵᠢᠭᠰᠡᠳ ᠤᠨ ᠨᠡᠭᠦᠵᠦ ᠣᠷᠣᠬᠤ ᠭᠠᠵᠠᠷ ᠤᠨ ᠡᠷᠦᠭᠡ ᠠᠮᠠ ᠶᠢᠨ ᠬᠠᠷᠢᠶ᠎ᠠ ᠲᠠᠢ ᠬᠥᠮᠥᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ | ᠠᠬᠢᠭᠤᠯᠤᠨ᠎ᠠ᠃ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠣᠷᠤᠯᠴᠠᠬᠤ ᠳᠦᠷᠢᠮ ᠢ | ᠯᠠᠪᠳᠠᠭᠤᠨ ᠢᠶᠠᠷ ᠠᠬᠢᠭᠤᠯᠤᠨ᠎ᠠ᠃ ᠡᠯ᠎ᠡ ᠭᠠᠵᠠᠷ ᠤᠨ ᠬᠢᠨ ᠤ ᠪᠡᠯᠡ ᠮᠥᠩᠭᠦ ᠶᠢᠨ ᠠᠷᠭ᠎ᠠ ᠵᠠᠮ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠳᠡᠮᠵᠢᠵᠦ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠤᠷᠲᠤ ᠬᠤᠭᠤᠴᠠᠭᠠᠨ ᠤ | ᠲᠦᠷᠢᠶᠡᠰᠦᠨ ᠣᠷᠣᠨ ᠰᠠᠭᠤᠴᠠ ᠶᠢ ᠡᠵᠡᠩᠨᠡᠭᠦᠯᠦᠨ᠎ᠡ᠃ | ᠭᠤᠷᠪᠠ᠂ ᠰᠠᠭᠤᠷᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ ᠢ ᠥᠷᠭᠡᠳᠬᠡᠨ᠎ᠡ | ︵ᠲᠠᠪᠤ︶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠢᠯᠢᠳᠡᠭ ᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠰᠠᠭᠤᠷᠢ | ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠠᠯᠳᠠ ᠬᠦᠴᠦᠨ ᠢ | ᠠᠭᠤᠳᠠᠯᠤᠨ ᠪᠠᠭᠲᠠᠭᠠᠮᠵᠢ ᠶᠢ ᠥᠷᠭᠡᠳᠬᠡᠬᠦ ᠪᠠᠷ ᠳᠠᠮᠵᠢᠭᠤᠯᠤᠨ ᠤᠳᠤ ᠪᠠᠶᠢᠭ᠎ᠠ ᠴᠢᠨᠠᠷ ᠰᠠᠶᠢᠲᠠᠢ ᠳᠤᠮᠳᠠᠳᠤ ᠪᠠᠭ᠎ᠠ ᠰᠤᠷᠭᠠᠭᠤᠯᠢ᠂ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠭᠤᠷᠢ ᠪᠠᠷ ᠪᠠᠭᠤᠷᠠᠢ | ᠰᠤᠷᠭᠠᠭᠤᠯᠢ ᠶᠢ ᠴᠢᠨᠠᠷ ᠰᠠᠶᠢᠲᠠᠢ ᠰᠤᠷᠭᠠᠭᠤᠯᠢ ᠶᠢᠨ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠪᠤᠶᠤ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ | ᠬᠡᠪᠴᠢᠶᠡᠨ ᠳᠤ ᠣᠷᠣᠭᠤᠯᠤᠨ᠎ᠠ᠃ 5 ᠵᠢᠯ ᠣᠷᠴᠢᠮ ᠤᠨ ᠬᠤᠭᠤᠴᠠᠭ᠎ᠠ ᠬᠡᠷᠡᠭᠯᠡᠵᠦ ᠪᠠᠶᠢᠭᠠᠳ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠦᠷᠢᠨ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 1000 ᠭᠠᠷᠤᠢ ᠰᠢᠯᠢᠳᠡᠭ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠦᠨᠳᠦᠰᠦᠨ ᠨᠥᠬᠦᠴᠡᠯ ᠢ ᠭᠤᠣᠯᠳᠠᠯᠭ᠎ᠠ ᠲᠠᠢ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠬᠴᠢ ᠡᠯᠰᠡᠬᠦ ᠭᠦᠢᠴᠡᠳᠬᠡᠯ ᠲᠤᠭ᠎ᠠ ᠰᠤᠷᠭᠠᠭᠤᠯᠢ ᠳᠤ ᠬᠦᠷᠬᠦ ᠬᠠᠷᠢᠴᠠᠯ ᠢ ᠲᠦᠷᠭᠡᠳᠬᠡᠨ ᠥᠷᠭᠡᠳᠬᠡᠵᠦ᠂ | ᠭᠤᠣᠯᠳᠠᠭᠤ ᠰᠣᠷᠣᠬᠴᠢ ᠶᠢᠨ ᠬᠡᠪᠴᠢᠶ᠎ᠡ ᠶᠢ ᠦᠨᠳᠦᠰᠦᠯᠡᠨ ᠣᠷᠣᠨ ᠪᠦᠰᠡ ᠶᠢᠨ ᠳᠣᠲᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠪᠢᠶᠠᠷᠢᠯᠠᠬᠤ ᠶᠢᠨ | ᠬᠠᠮᠲᠤ ᠬᠥᠳᠡᠭᠡ ᠲᠣᠰᠬᠤᠨ ᠤ ᠰᠤᠷᠭᠠᠭᠤᠯᠢ ᠵᠡᠷᠭᠡ ᠲᠡᠶᠢᠰᠢ ᠬᠡᠯᠪᠠᠶᠢᠯᠭᠡᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠰᠢᠨ᠎ᠡ ᠪᠠᠷ ᠨᠡᠮᠡᠭᠳᠡᠬᠦ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠳᠤᠮᠳᠠ ᠪᠠᠷᠠᠭᠤᠨ | ᠣᠷᠣᠨ ᠤ ᠬᠥᠮᠥᠨ ᠠᠮᠠ ᠣᠯᠠᠨᠲᠠᠢ ᠮᠤᠵᠢ ᠲᠡᠶᠢᠰᠢ ᠵᠣᠬᠢᠰᠲᠠᠢ ᠪᠠᠷ ᠬᠡᠯᠪᠠᠶᠢᠯᠭᠡᠨ᠎ᠡ᠃ ᠰᠢᠨ᠎ᠡ ᠭᠡᠯᠪᠡᠷᠢ ᠶᠢᠨ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ ᠪᠠ | ᠥᠨᠳᠥᠷ ᠲᠦᠪᠰᠢᠨ ᠪᠦᠬᠦᠢ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠭᠦ ᠶᠢ ᠳᠡᠮᠵᠢᠨ ᠪᠠᠶᠢᠷᠢᠰᠢᠭᠤᠯᠵᠤ᠂ ᠴᠢᠨᠠᠷ ᠰᠠᠶᠢᠲᠠᠢ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠶᠢᠨ ᠰᠣᠷᠣᠬᠴᠢ ᠡᠯᠰᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠵᠤ ᠦᠢᠯᠡᠰ ᠬᠢᠭᠡᠳ ᠰᠤᠷᠭᠠᠨ | ᠬᠥᠮᠦᠵᠢᠯ ᠢ ᠠᠭᠤᠰᠤᠯᠴᠠᠭᠤᠯᠬᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠤᠭᠤᠳᠴᠤ | ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠨᠳᠤᠭᠤᠯᠤᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ | ᠲᠣᠬᠢᠷᠠᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠠᠵᠤ ᠠᠬᠤᠶᠢᠯᠠᠯ ᠤᠨ ᠦᠢᠯᠡᠳᠦᠯᠭᠡ ᠪᠠᠷ ᠬᠥᠮᠥᠵᠢᠭᠦᠯᠬᠦ ᠶᠢ ᠴᠢᠩᠭᠠᠷᠠᠭᠤᠯᠤᠨ᠂ | ᠶᠡᠭᠡ ᠳᠡᠭᠡᠳᠦ ᠰᠤᠷᠭᠠᠭᠤᠯᠢ ᠶᠢᠨ ᠨᠡᠶᠢᠭᠡᠮ ᠤᠨ ᠪᠠᠴᠢᠮ ᠬᠡᠷᠡᠭᠰᠡᠬᠦ ︽ᠪᠢᠴᠢᠯ ᠲᠤᠰᠬᠠᠢ ᠮᠡᠷᠭᠡᠵᠢᠯ︾ ᠤᠨ ᠪᠠᠶᠢᠭᠤᠯᠤᠯᠲᠠ ᠥᠷᠨᠢᠭᠦᠯᠬᠦ ᠶᠢ ᠳᠡᠮᠵᠢᠵᠦ᠂ | ᠰᠤᠷᠤᠬᠴᠢᠳ ᠤᠨ ᠠᠵᠢᠯ ᠣᠯᠵᠤ ᠦᠢᠯᠡᠰ ᠪᠣᠰᠬᠠᠬᠤ ᠴᠢᠳᠠᠪᠤᠷᠢ ᠶᠢ ᠴᠢᠩᠭᠠᠷᠠᠭᠤᠯᠤᠨ᠎ᠠ᠃ | ︵ᠵᠢᠷᠭᠤᠭ᠎ᠠ︶ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠯᠠᠭᠤᠯᠬᠤ ᠶᠢ | ᠠᠬᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢᠨ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ | ᠰᠢᠯᠢᠳᠡᠭᠵᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠡᠮᠴᠢᠯᠡᠭᠡᠨ ᠤ ᠡᠬᠢ | ᠪᠠᠶᠠᠯᠢᠭ ᠢ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠣᠯᠣᠨ ᠬᠤᠳᠠ ᠬᠥᠳᠡᠭᠡ ᠶᠢᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠨᠢᠭᠲᠠ | ᠭᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦᠨ ᠢ ᠪᠦᠷᠬᠦᠭᠦᠯᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠥᠨᠳᠥᠷ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠶᠢᠨ ᠠᠵᠢᠯᠲᠠᠨ᠂ ᠦᠢᠯᠡᠴᠢᠯᠡᠭᠡ᠂ ᠮᠡᠷᠭᠡᠵᠢᠯ᠂ ᠬᠠᠮᠢᠶᠠᠷᠤᠯᠲᠠ ᠵᠡᠷᠭᠡ ᠶᠢ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠠᠭᠤᠯᠭᠠᠬᠤ ᠶᠢ ᠳᠡᠮᠵᠢᠵᠦ᠂ ᠬᠤᠲᠠ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠠᠨᠠᠭᠠᠬᠤ ᠤᠬᠠᠭᠠᠨ ᠤ ᠴᠢᠳᠠᠪᠤᠷᠢᠲᠠᠨ ᠢ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ | ᠪᠠᠭᠤᠯᠭᠠᠬᠤ ᠶᠢ ᠳᠡᠮᠵᠢᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠤᠲᠠᠭᠤᠳᠠᠯ ᠤᠨ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠦᠨᠳᠦᠰᠦᠨ ᠱᠠᠲᠤᠨ ᠤ ᠣᠨᠴᠠᠯᠢᠭᠲᠤ ᠲᠤᠰᠬᠠᠢ ᠰᠠᠯᠠᠭ᠎ᠠ ᠶᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠠᠶᠢᠲᠤᠷ ᠪᠤᠶᠢᠵᠢᠭᠤᠯᠵᠤ᠂ ᠪᠠᠶᠢᠩᠭᠤ ᠲᠣᠬᠢᠶᠠᠯᠳᠤᠳᠠᠭ ᠡᠪᠡᠳᠴᠢᠨ ᠣᠯᠠᠨ ᠡᠭᠦᠰᠳᠡᠭ ᠡᠪᠡᠳᠴᠢᠨ ᠢ ᠣᠨᠣᠰᠢᠯᠠᠨ ᠵᠠᠰᠠᠬᠤ | ᠲᠦᠪᠰᠢᠨ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠠᠨ | ᠳᠡᠭᠡᠭᠰᠢᠯᠡᠭᠦᠯᠭᠦ ᠶᠢ ᠠᠬᠢᠭᠤᠯᠤᠨ᠎ᠠ᠃ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢᠨ ᠲᠣᠣᠷ ᠰᠦᠯᠵᠢᠶ᠎ᠡ ᠪᠠᠶᠢᠭᠤᠯᠬᠤ ᠶᠢ ᠠᠬᠢᠭᠤᠯᠵᠤ᠂ ︽ᠲᠠᠷᠬᠠᠮᠠᠯ | ᠮᠠᠶ᠋ᠢᠭ ᠤᠨ ᠪᠠᠶᠢᠴᠠᠭᠠᠯᠲᠠ᠂ ᠲᠥᠪᠯᠡᠷᠡᠩᠭᠦᠢ ᠮᠠᠶ᠋ᠢᠭ ᠤᠨ ᠣᠨᠣᠰᠢᠯᠠᠯᠲᠠ︾ ᠡᠮᠴᠢᠯᠡᠭᠡᠨ ᠤ ᠦᠢᠯᠡᠴᠢᠯᠡᠭᠡ ᠶᠢᠨ ᠵᠠᠭᠪᠤᠷ ᠢ ᠳᠡᠯᠭᠡᠷᠡᠭᠦᠯᠦᠨ᠎ᠡ᠃ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠᠯᠳᠤᠭᠠᠨ ᠤ ᠡᠷᠡᠭᠦᠯ | ᠮᠡᠨᠳᠦ ᠶᠢᠨ ᠳᠠᠭᠠᠳᠬᠠᠯ ᠤᠨ ᠰᠢᠨ᠎ᠡ ᠶᠢ ᠡᠭᠦᠳᠦᠭᠰᠡᠨ ᠡᠮ ᠤᠨ ᠵᠦᠢᠯ ᠤᠨ ᠭᠠᠷᠴᠠᠭ ᠢ ᠲᠣᠭᠲᠠᠭᠠᠨ ᠨᠡᠶᠢᠲᠡᠯᠡᠵᠦ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ | ᠡᠮ ᠬᠡᠷᠡᠭᠯᠡᠬᠦ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ᠃ | ︵ᠳᠣᠯᠤᠭ᠎ᠠ︶ ︽ᠥᠲᠡᠭᠦᠰ ᠨᠢᠯᠬᠠᠰ︾ ᠤᠨ ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠡᠯ᠎ᠡ ᠭᠠᠵᠠᠷ ᠤᠨ ︽ᠥᠲᠡᠭᠦᠰ | ᠨᠢᠯᠬᠠᠰ︾ ᠤᠨ ᠦᠢᠯᠡᠴᠢᠯᠡᠭᠡ ᠶᠢᠨ ᠳᠣᠣᠷ᠎ᠠ ᠥᠪᠡᠷ ᠤᠨ ᠥᠷᠲᠡᠭ ᠪᠦᠬᠦᠢ ᠲᠠᠯᠠᠪᠤᠷ ᠭᠠᠵᠠᠷ ᠤᠨ ᠲᠥᠬᠦᠭᠡᠷᠦᠮᠵᠢ ᠶᠢᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ | ᠥᠷᠭᠡᠳᠬᠡᠬᠦ ᠶᠢ ᠠᠬᠢᠭᠤᠯᠤᠨ᠎ᠠ᠃ ︽ᠥᠲᠡᠭᠦᠰ ᠨᠢᠯᠬᠠᠰ︾ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠰᠤ ᠴᠢᠨᠠᠷ ᠨᠢ ᠪᠠᠲᠤᠯᠠᠭ᠎ᠠ ᠲᠠᠢ᠂ ᠦᠨ᠎ᠡ ᠬᠠᠩᠰᠢ ᠨᠢ | ᠳᠠᠭᠠᠭᠠᠵᠤ ᠳᠡᠶᠢᠯᠭᠦ᠂ ᠠᠵᠢᠯᠯᠠᠭᠠᠨ ᠨᠢ ᠦᠷᠭᠦᠯᠵᠢᠯᠡᠵᠦ ᠳᠡᠶᠢᠯᠭᠦ ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠲᠦᠭᠡᠮᠡᠯ ᠬᠠᠷᠠᠭᠠᠯᠵᠠᠯᠲᠤ | ᠨᠠᠰᠤᠵᠢᠯ ᠤᠨ ᠠᠰᠠᠷᠠᠮᠵᠢ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠵᠦ᠂ ᠦᠨᠳᠦᠰᠦᠨ ᠦᠢᠯᠡᠴᠢᠯᠡᠭᠡᠨ ᠤ ᠰᠦᠢᠳᠬᠡᠯ ᠬᠤᠷᠢᠶᠠᠯᠲᠠ ᠶᠢ ᠬᠥᠲᠥᠯᠥᠨ ᠵᠢᠯᠤᠭᠤᠳᠬᠤ ᠪᠠᠨ ᠴᠢᠩᠭᠠᠳᠬᠠᠨ᠎ᠠ᠃ ᠴᠢᠳᠠᠯ ᠲᠡᠩᠬᠡᠭᠡ ᠪᠠᠨ | ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠪᠠᠷ ᠭᠤᠣᠯᠳᠠᠯᠭ᠎ᠠ ᠪᠤᠯᠭᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠨᠡᠬᠦ ᠪᠠ | ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠰᠤᠪᠢᠯᠠᠯᠲᠠ ᠶᠢᠨ ᠭᠡᠯᠪᠡᠷᠢ ᠶᠢᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ | ᠰᠢᠨ᠎ᠡ ᠪᠠᠷ ᠪᠠᠶᠢᠭᠤᠯᠤᠭᠰᠠᠨ ᠨᠠᠰᠤᠵᠢᠯ ᠤᠨ ᠪᠠᠶᠢᠭᠤᠯᠤᠮᠵᠢ ᠶᠢᠨ ᠰᠤᠪᠢᠯᠠᠯᠲᠠ ᠶᠢᠨ ᠭᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ | 80% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠦᠢᠯᠡᠴᠢᠯᠡᠭᠡᠨ ᠤ ᠨᠡᠮᠡᠭᠳᠡᠯ ᠡᠬᠢ ᠪᠠᠶᠠᠯᠢᠭ ᠢ ᠨᠡᠶᠢᠭᠡᠮ ᠲᠣᠭᠤᠷᠢᠭ | ᠲᠡᠶᠢᠰᠢ ᠬᠡᠯᠪᠠᠶᠢᠯᠭᠡᠬᠦ ᠶᠢ ᠳᠡᠮᠵᠢᠵᠦ᠂ ᠡᠳᠦᠷ ᠲᠤᠲᠤᠮ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ | ᠴᠢᠩᠭᠠᠷᠠᠭᠤᠯᠤᠨ᠂ ᠭᠡᠷ ᠪᠦᠯᠢ ᠶᠢᠨ ᠨᠠᠰᠤᠵᠢᠯ ᠤᠨ ᠣᠷᠣ ᠶᠢ ᠢᠳᠡᠪᠬᠢᠲᠡᠢ ᠬᠥᠭᠵᠢᠭᠦᠯᠵᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠢ ᠢᠳᠡᠪᠬᠢᠲᠡᠢ | ᠬᠥᠭᠵᠢᠭᠦᠯᠵᠦ᠂ ᠨᠥᠬᠦᠴᠡᠯ ᠲᠠᠢ ᠰᠢᠶᠠᠩ ᠪᠠᠯᠭᠠᠰᠤ ᠶᠢᠨ ᠨᠠᠰᠤᠲᠠᠨ ᠠᠰᠠᠷᠠᠬᠤ ᠬᠦᠷᠢᠶᠡᠯᠡᠩ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠳᠤ ᠦᠢᠯᠡᠴᠢᠯᠡᠭᠡ | ᠬᠠᠩᠭᠠᠯᠭᠠᠵᠤ᠂ ᠥᠨᠥᠴᠢᠨ ᠪᠡᠯᠪᠡᠰᠦᠨ᠂ ᠵᠡᠮᠳᠡᠭ ᠪᠣᠯᠵᠤ ᠴᠢᠳᠠᠪᠤᠷᠢ ᠪᠠᠨ ᠠᠯᠳᠠᠭᠰᠠᠨ᠂ ᠥᠨᠳᠥᠷ ᠨᠠᠰᠤᠲᠠᠢ ᠭᠡᠷ ᠲᠡᠭᠡᠨ ᠬᠤᠴᠣᠷᠤᠭᠰᠠᠨ ᠪᠠ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ | ᠬᠠᠩᠭᠠᠯᠭᠠᠨ᠎ᠠ᠃ ᠣᠯᠠᠨ ᠠᠷᠭ᠎ᠠ ᠵᠠᠮ ᠢᠶᠠᠷ ᠠᠯᠪᠠᠨ ᠠᠴᠠ ᠪᠠᠶᠢᠭᠤᠯᠬᠤ ᠬᠡᠦᠬᠡᠳ ᠰᠠᠭᠠᠲᠠᠭᠤᠯᠬᠤ ᠭᠠᠵᠠᠷ ᠤᠨ ᠬᠠᠩᠭᠠᠯᠭ᠎ᠠ ᠶᠢ ᠨᠡᠮᠡᠭᠳᠡᠭᠦᠯᠵᠦ᠂ ᠨᠡᠶᠢᠭᠡᠮ | ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠬᠡᠦᠬᠡᠳ ᠰᠠᠭᠠᠲᠠᠭᠤᠯᠬᠤ ᠭᠠᠵᠠᠷ ᠪᠠ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠢ ᠶᠡᠭᠡ ᠪᠠᠷ ᠬᠥᠭᠵᠢᠭᠦᠯᠵᠦ᠂ | ᠨᠥᠬᠦᠴᠡᠯ ᠲᠠᠢ ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠤᠷᠲᠤᠳᠬᠠᠨ ᠬᠥᠭᠵᠢᠭᠦᠯᠬᠦ ᠶᠢ ᠳᠡᠮᠵᠢᠵᠦ᠂ 10 ᠵᠢᠯ ᠣᠷᠴᠢᠮ ᠤᠨ | ᠴᠠᠭ ᠬᠡᠷᠡᠭᠯᠡᠵᠦ᠂ ᠨᠥᠬᠦᠴᠡᠯ ᠲᠠᠢ ᠲᠣᠮᠣ ᠬᠤᠲᠠ ᠶᠢᠨ ᠰᠢᠭᠢᠳᠭᠡᠯᠳᠦ ᠮᠠᠶ᠋ᠢᠭ ᠵᠡᠷᠭᠡ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠨᠢ | 80% ᠠᠴᠠ ᠳᠡᠭᠡᠭᠰᠢᠬᠢ ᠨᠡᠶᠢᠭᠡᠮ ᠲᠣᠭᠤᠷᠢᠭ ᠢ ᠬᠠᠮᠤᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯᠲᠤ ᠬᠡᠦᠬᠡᠳ | ᠰᠠᠭᠠᠲᠠᠭᠤᠯᠬᠤ ᠦᠢᠯᠡᠴᠢᠯᠡᠭᠡ ᠶᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠠᠰᠠᠷᠠᠮᠵᠢ ᠶᠢᠨ ᠰᠢᠰᠲ᠋ᠧᠮ ᠳᠤ ᠣᠷᠣᠭᠤᠯᠬᠤ ᠶᠢ | ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠬᠤᠯᠪᠣᠭᠳᠠᠯ ᠪᠦᠬᠦᠢ ᠵᠠᠷᠤᠯᠭ᠎ᠠ ᠶᠢ | ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠠᠴᠠ ᠭᠠᠷᠭᠠᠨ᠂ ᠬᠥᠮᠥᠨ ᠬᠡᠷᠡᠭᠯᠡᠬᠦ ᠨᠢᠭᠡᠴᠢ ᠶᠢᠨ ᠠᠵᠢᠯᠴᠢᠨ ᠤ ᠡᠪᠯᠡᠯ ᠤᠨ | ᠵᠠᠷᠤᠳᠠᠯ ᠠᠴᠠ ᠵᠣᠬᠢᠰᠲᠠᠢ ᠨᠥᠬᠦᠪᠦᠷᠢᠯᠡᠵᠦ ᠪᠣᠯᠣᠨ᠎ᠠ᠃ | ᠳᠥᠷᠪᠡ᠂ ᠣᠯᠠᠨ ᠶᠠᠩᠵᠤᠴᠢᠯᠠᠭᠰᠠᠨ ᠨᠡᠶᠢᠭᠡᠮ ᠤᠨ ᠦᠢᠯᠡᠴᠢᠯᠡᠭᠡᠨ ᠤ ᠬᠦᠷᠦᠯᠴᠡᠬᠦ ᠴᠢᠨᠠᠷ ᠢ ᠳᠡᠭᠡᠭᠰᠢᠯᠡᠭᠦᠯᠦᠨ᠎ᠡ | ︵ᠨᠠᠢᠮᠠ︶ ᠣᠯᠠᠨ ᠲᠦᠮᠡᠨ ᠤ ᠭᠡᠷ ᠤᠨ ᠡᠭᠦᠳᠡᠨ ᠳᠠᠬᠢ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠬᠥᠭᠵᠢᠭᠦᠯᠦᠨ᠎ᠡ᠃ ᠨᠡᠶᠢᠭᠡᠮ ᠲᠣᠭᠤᠷᠢᠭ ᠢᠶᠠᠷ ᠭᠤᠣᠯ | ᠲᠠᠯᠠᠪᠤᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠡᠯ᠎ᠡ ᠲᠥᠷᠥᠯ ᠤᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠦᠨ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠦᠢᠯᠡᠴᠢᠯᠡᠭᠡᠨ ᠤ ᠲᠥᠬᠦᠭᠡᠷᠦᠮᠵᠢ ᠶᠢ ᠨᠡᠶᠢᠯᠡᠭᠦᠯᠦᠨ ᠠᠰᠢᠭᠯᠠᠬᠤ ᠶᠢ ᠠᠬᠢᠭᠤᠯᠵᠤ᠂ ᠨᠡᠶᠢᠭᠡᠮ | ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠢᠭᠡ ᠥᠷᠲᠡᠭᠡᠴᠢᠯᠡᠭᠰᠡᠨ ᠮᠠᠶ᠋ᠢᠭ ᠤᠨ ᠠᠷᠠᠳ ᠲᠤ ᠲᠥᠭᠦᠮ | ᠦᠵᠡᠭᠦᠯᠭᠦ ᠦᠢᠯᠡᠴᠢᠯᠡᠭᠡ ᠬᠠᠩᠭᠠᠨ᠎ᠠ᠃ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ᠂ ᠬᠤᠭᠤᠯᠠ ᠤᠮᠳᠠ ᠶᠢ ᠲᠤᠰᠠᠯᠠᠬᠤ᠂ | ᠵᠡᠮᠳᠡᠭᠴᠦᠳ ᠢ ᠲᠤᠰᠠᠯᠠᠬᠤ ᠵᠡᠷᠭᠡ ᠲᠦᠭᠡᠮᠡᠯ ᠬᠠᠷᠠᠭᠠᠯᠵᠠᠯᠲᠤ ᠨᠡᠶᠢᠭᠡᠮ ᠤᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠳᠡᠮᠵᠢᠵᠦ᠂ ᠨᠡᠶᠢᠭᠡᠮ | ᠲᠣᠭᠤᠷᠢᠭ ᠤᠨ ᠣᠯᠠᠨ ᠲᠦᠮᠡᠨ ᠤ ᠦᠢᠯᠡᠴᠢᠯᠡᠭᠡ ᠬᠠᠩᠭᠠᠬᠤ ᠶᠢ ᠪᠠᠴᠢᠮ ᠱᠠᠭᠠᠷᠳᠠᠭᠳᠠᠵᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠤ | ᠵᠢᠷᠤᠮᠵᠢᠯ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠡᠩ ᠤᠨ ᠣᠷᠣᠨ ᠰᠠᠭᠤᠴᠠ ᠲᠦᠷᠢᠶᠡᠰᠦᠯᠡᠵᠦ ᠦᠢᠯᠡᠴᠢᠯᠡᠭᠡᠨ ᠤ ᠲᠣᠣᠷ ᠴᠡᠭ ᠭᠠᠷᠭᠠᠬᠤ ᠶᠢ | ᠵᠥᠪᠰᠢᠶᠡᠷᠡᠨ᠎ᠡ᠃ ᠨᠡᠶᠢᠭᠡᠮᠴᠢᠯᠡᠭᠰᠡᠨ ᠡᠬᠢ ᠪᠠᠶᠠᠯᠢᠭ ᠢ ᠭᠦᠢᠴᠡᠳ ᠠᠰᠢᠭᠯᠠᠨ᠂ ᠨᠠᠰᠤᠲᠠᠶᠢᠴᠤᠳ ᠤᠨ ᠬᠤᠭᠤᠯᠠ ᠶᠢ ᠲᠤᠰᠠᠯᠠᠬᠤ ᠦᠢᠯᠡᠴᠢᠯᠡᠭᠡᠨ ᠢ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠦᠨ᠎ᠡ᠃ ᠭᠡᠷ ᠪᠦᠯᠢ ᠶᠢᠨ ᠬᠥᠮᠦᠵᠢᠯ ᠤᠨ ᠨᠡᠶᠢᠭᠡᠮ ᠲᠣᠭᠤᠷᠢᠭ ᠢᠶᠠᠷ ᠳᠡᠮᠵᠢᠭᠦᠯᠬᠦ ᠶᠢ ᠴᠢᠩᠭᠠᠳᠬᠠᠨ᠂ | ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠲᠠᠭᠠᠰᠢᠶᠠᠭᠳᠠᠬᠤ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠪᠦᠲᠦᠭᠡᠨ | ᠪᠠᠶᠢᠭᠤᠯᠵᠤ᠂ ᠨᠡᠶᠢᠭᠡᠮ ᠲᠣᠭᠤᠷᠢᠭ ᠤᠨ ᠬᠢᠨ ᠤ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠬᠤ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠬᠦ ᠶᠢ ᠳᠡᠮᠵᠢᠨ᠎ᠡ | ᠃ | ︵ᠶᠢᠰᠦ︶ ᠠᠮᠢᠳᠤᠷᠠᠯ ᠤᠨ ᠣᠯᠠᠨ ᠶᠠᠩᠵᠤ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠵᠡᠷᠭᠡ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠣᠯᠠᠨ ᠬᠡᠷᠡᠭᠴᠡᠭᠡᠲᠦ | ᠬᠠᠮ ᠴᠢᠳᠠᠮᠵᠢᠲᠤ ᠲᠠᠮᠢᠷ ᠤᠨ ᠲᠠᠯᠠᠪᠤᠷ ᠢ ᠬᠥᠭᠵᠢᠭᠦᠯᠦᠨ᠂ ᠪᠡᠶ᠎ᠡ ᠶᠢᠨ ᠲᠠᠮᠢᠷ ᠤᠨ ᠲᠠᠯᠠᠪᠤᠷ ᠤᠨ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠰᠣᠶᠣᠯ᠂ | ᠵᠢᠭᠤᠯᠴᠢᠯᠠᠯ᠂ ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠠᠰᠢᠭᠯᠠᠬᠤ | ᠨᠣᠷᠮ᠎ᠠ ᠪᠠᠷ ᠥᠨᠳᠥᠷ ᠳᠤᠮᠳᠠ ᠪᠠᠭ᠎ᠠ ᠭᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠨᠡᠶᠢᠭᠡᠮ ᠳᠤ | ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠬᠦ ᠶᠢ ᠢᠳᠡᠪᠬᠢᠲᠡᠢ ᠪᠠᠷ ᠠᠬᠢᠭᠤᠯᠤᠨ᠎ᠠ᠃ ᠨᠥᠬᠦᠴᠡᠯ ᠲᠠᠢ ᠮᠦᠽᠧᠢ᠂ | ᠨᠣᠮ ᠤᠨ ᠰᠠᠩ᠂ ᠤᠷᠠᠨ ᠵᠢᠷᠤᠭ ᠤᠨ ᠣᠷᠳᠣᠨ ᠵᠡᠷᠭᠡ ᠰᠣᠶᠣᠯ ᠤᠨ ᠲᠠᠯᠠᠪᠠᠢ ᠣᠷᠳᠣᠨ ᠢ ᠰᠥᠨᠢ ᠪᠠᠷ ᠨᠡᠭᠡᠭᠡᠬᠦ ᠶᠢ ᠳᠠᠮᠵᠢᠨ᠎ᠠ᠃ ᠨᠥᠬᠦᠴᠡᠯ ᠲᠠᠢ ᠭᠠᠵᠠᠷ | ᠣᠷᠣᠨ ᠨᠢ ᠭᠡᠷ ᠤᠨ ᠭᠠᠳᠠᠨᠠᠬᠢ ᠬᠥᠳᠡᠯᠭᠡᠭᠡᠨ ᠤ ᠴᠢᠨᠠᠷ ᠰᠠᠶᠢᠲᠠᠢ ᠡᠬᠢ ᠪᠠᠶᠠᠯᠢᠭ ᠪᠠ ᠳᠠᠪᠠᠭᠤᠯᠢᠭ ᠲᠥᠷᠥᠯ ᠵᠦᠢᠯ ᠳᠤ ᠲᠦᠰᠢᠭᠯᠡᠨ᠂ ᠲᠥᠬᠦᠭᠡᠷᠦᠮᠵᠢ ᠨᠢ ᠪᠦᠷᠢᠨ | ᠲᠡᠭᠦᠯᠳᠡᠷ᠂ ᠦᠢᠯᠡᠴᠢᠯᠡᠭᠡ ᠨᠢ ᠴᠢᠨᠠᠷ ᠰᠠᠶᠢᠲᠠᠢ᠂ ᠤᠷᠤᠯᠳᠤᠭᠠᠨ ᠨᠢ ᠡᠯᠪᠡᠭ ᠪᠠᠶᠠᠯᠢᠭ ᠴᠢᠨᠠᠷ ᠰᠠᠶᠢᠲᠠᠢ ᠭᠡᠷ ᠤᠨ ᠭᠠᠳᠠᠨᠠᠬᠢ ᠬᠥᠳᠡᠯᠭᠡᠭᠡᠨ ᠤ ᠬᠠᠷᠠᠯᠲᠠᠲᠤ ᠭᠠᠵᠠᠷ ᠢ | ᠪᠤᠶ ᠪᠤᠯᠭᠠᠬᠤ ᠶᠢ ᠳᠡᠮᠵᠢᠨ᠎ᠡ᠃ ᠪᠦᠭᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ᠂ ᠪᠣᠳᠠᠲᠤ ᠬᠡᠷᠡᠭᠴᠡᠭᠡ ᠲᠠᠢ | ᠪᠥᠭᠡᠳ ᠳᠥᠭᠦᠮ ᠳᠥᠲᠡ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠪᠦᠭᠦ ᠠᠷᠠᠳ ᠢᠶᠠᠷ ᠢᠶᠠᠨ ᠨᠣᠮ ᠤᠩᠰᠢᠬᠤ ᠲᠥᠬᠦᠭᠡᠷᠦᠮᠵᠢ ᠶᠢ ᠪᠠᠶᠢᠭᠤᠯᠤᠨ᠎ᠠ᠃ | ︵ᠠᠷᠪᠠ︶ ᠪᠠᠭᠲᠠᠭᠠᠮᠵᠢᠲᠠᠢ ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠲᠣᠭᠲᠠᠭᠠᠬᠤ᠂ ᠣᠯᠠᠨ | ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤᠮᠳᠠ ᠬᠡᠦᠬᠡᠳ ᠢ ᠡᠩ ᠲᠡᠷᠢᠭᠦᠨ ᠳᠤ | ᠪᠣᠳᠣᠯᠬᠢᠯᠠᠬᠤ ᠵᠠᠷᠴᠢᠮ ᠪᠣᠯᠣᠨ ᠬᠡᠦᠬᠡᠳ ᠲᠤ ᠨᠥᠭᠦᠷᠰᠡᠭ ᠪᠠᠶᠢᠬᠤ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠨ᠎ᠠ᠃ ᠬᠡᠦᠬᠡᠳ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠠᠮᠢᠳᠤᠷᠠᠯ ᠤᠨ ᠬᠠᠷᠠᠭᠠᠯᠵᠠᠯ᠂ ᠦᠨᠳᠦᠰᠦᠨ ᠡᠮᠴᠢᠯᠡᠭᠡ᠂ ᠦᠨᠳᠦᠰᠦᠨ ᠡᠷᠡᠭᠦᠯᠵᠢᠯ᠂ ᠰᠤᠷᠭᠠᠨ | ᠬᠥᠮᠦᠵᠢᠯ ᠤᠨ ᠡᠷᠬᠡ ᠠᠰᠢᠭ ᠤᠨ ᠪᠠᠲᠤᠯᠠᠭ᠎ᠠ᠂ ᠨᠡᠶᠢᠭᠡᠮ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠠᠶᠢᠷ᠎ᠠ ᠬᠠᠯᠠᠮᠵᠢᠲᠤ ᠡᠵᠢ︾ ᠬᠠᠪᠰᠤᠷᠤᠯᠴᠠᠭ᠎ᠠ | ᠪᠠᠶᠢᠭᠤᠯᠵᠤ ᠬᠠᠯᠠᠮᠵᠢᠯᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠥᠷᠥᠯ | ᠰᠠᠳᠤᠨ ᠤ ᠬᠠᠶᠢᠷ᠎ᠠ ᠶᠢ ᠡᠳ᠋ᠯᠡᠬᠦ ᠪᠣᠯᠵᠤ᠂ ᠠᠮᠤᠷ ᠲᠦᠪᠰᠢᠨ ᠢᠶᠠᠷ ᠬᠠᠷᠠᠭᠠᠯᠵᠠᠨ ᠠᠰᠠᠷᠠᠬᠤ ᠵᠡᠷᠭᠡ ᠲᠠᠯ᠎ᠠ ᠶᠢᠨ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ | ᠃ ᠵᠠᠯᠠᠭᠤᠴᠤᠳ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠵᠠᠯᠠᠭᠤᠴᠤᠳ ᠤᠨ ᠡᠷᠳᠡᠮ ᠨᠣᠮ ᠰᠤᠷᠴᠤ ᠠᠵᠢᠯᠯᠠᠬᠤ᠂ | ᠤᠷᠤᠭ ᠢᠨᠠᠭ ᠦᠷᠡᠵᠢᠯ᠂ ᠨᠡᠶᠢᠭᠡᠮ ᠤᠨ ᠠᠭᠤᠰᠤᠯᠴᠠᠯ ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠬᠠᠩᠭᠠᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ | ᠠᠵᠢᠯᠯᠠᠬᠤ ᠪᠠ ᠣᠷᠣᠨ ᠰᠠᠭᠤᠴᠠ ᠶᠢᠨ ᠲᠡᠩᠴᠡᠭᠦᠷᠢ ᠶᠢ ᠬᠠᠮᠲᠤ ᠳᠤᠨᠢ ᠬᠠᠷᠠᠭᠠᠯᠵᠠᠭᠰᠠᠨ ᠪᠠᠶᠢᠷᠢ ᠶᠢᠨ ᠭᠡᠯᠪᠡᠷᠢ᠂ ᠪᠠᠭ᠎ᠠ ᠭᠡᠯᠪᠡᠷᠢ ᠶᠢᠨ ᠵᠠᠯᠠᠭᠤᠴᠤᠳ ᠤᠨ | ᠨᠡᠶᠢᠲᠡ ᠶᠢᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠨᠠᠰᠤᠲᠠᠶᠢᠴᠤᠳ ᠤᠨ ᠨᠡᠶᠢᠭᠡᠮ ᠤᠨ ᠣᠷᠤᠯᠴᠠᠯᠭ᠎ᠠ ᠶᠢ | ᠬᠢᠵᠠᠭᠠᠷᠯᠠᠬᠤ ᠵᠦᠢ ᠵᠣᠬᠢᠰ ᠦᠭᠡᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠬᠦᠴᠦᠨ ᠦᠭᠡᠢ ᠪᠤᠯᠭᠠᠵᠤ᠂ ︽ᠨᠠᠰᠤᠲᠠᠶᠢᠴᠤᠳ ᠢᠶᠠᠷ | ᠨᠠᠰᠤᠲᠠᠶᠢᠴᠤᠳ ᠢ ᠲᠤᠰᠠᠯᠠᠬᠤ︾ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠬᠦ ᠶᠢ ᠳᠡᠮᠵᠢᠵᠦ᠂ ᠨᠠᠰᠤ ᠠᠬᠢᠭᠰᠠᠨ ᠬᠥᠳᠡᠯᠮᠦᠷᠢᠴᠢᠳ ᠤᠨ ᠣᠯᠠᠨ ᠶᠠᠩᠵᠤ ᠶᠢᠨ | ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠦᠨ᠎ᠡ᠃ ᠨᠠᠰᠤ ᠠᠬᠢᠭᠰᠠᠨ ᠬᠡᠷᠡᠭᠯᠡᠭᠴᠢᠳ ᠲᠤ ᠨᠥᠭᠦᠷᠰᠡᠭ ᠣᠶᠤᠨᠴᠢ ᠮᠡᠷᠭᠡᠵᠢᠯ ᠤᠨ ᠦᠢᠯᠡᠳᠬᠦᠨ ᠪᠠ ᠬᠡᠷᠡᠭᠯᠡᠯᠲᠡ ᠶᠢ | ᠶᠡᠭᠡ ᠪᠠᠷ ᠬᠥᠭᠵᠢᠭᠦᠯᠵᠦ᠂ ᠣᠯᠠᠨ ᠨᠡᠶᠢᠲᠡ ᠶᠢᠨ ᠲᠥᠬᠦᠭᠡᠷᠦᠮᠵᠢ᠂ ᠰᠠᠭᠤᠭᠠᠯᠢ ᠠᠷᠠᠳ ᠤᠨ ᠣᠷᠣᠨ ᠰᠠᠭᠤᠴᠠ ᠵᠡᠷᠭᠡ ᠣᠯᠠᠨ ᠳᠠᠪᠬᠤᠷᠭᠠᠲᠤ ᠪᠠᠷᠢᠯᠭ᠎ᠠ ᠳᠤ | ᠴᠠᠭᠢᠯᠭᠠᠨ ᠱᠠᠲᠤ ᠨᠡᠮᠡᠵᠦ ᠤᠭᠰᠠᠷᠠᠬᠤ ᠶᠢ ᠠᠬᠢᠭᠤᠯᠤᠨ᠎ᠠ᠃ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠂ ᠬᠦᠨᠳᠦ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠢᠷᠮᠦᠰᠦᠨ | ᠬᠤᠭᠤᠴᠠᠭᠠᠨ ᠳᠠᠬᠢ ᠡᠮᠡᠭᠲᠡᠶᠢᠴᠦᠳ ᠤᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠦᠨᠳᠦᠰᠦᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠥᠬᠦᠴᠡᠯ ᠲᠠᠢ | ᠭᠠᠵᠠᠷ ᠣᠷᠣᠨ ᠨᠢ ᠵᠣᠬᠢᠬᠤ ᠨᠠᠰᠤᠨ ᠤ ᠥᠬᠢᠨ ᠳᠤ ᠬᠥᠬᠦᠨᠴᠢᠷ ᠬᠠᠪᠤᠳᠠᠷ ᠤᠨ ᠸᠢᠷᠦ᠋ᠰ ︵HPV︶ ᠤᠨ ᠸᠠᠺᠼᠢᠨ ᠳᠠᠷᠢᠬᠤ ᠶᠢ ᠵᠣᠷᠢᠭᠵᠢᠭᠤᠯᠤᠨ᠎ᠠ᠃ ᠬᠤᠲᠠ | ᠬᠥᠳᠡᠭᠡ ᠶᠢᠨ ᠣᠯᠠᠨ ᠨᠡᠶᠢᠲᠡ ᠶᠢᠨ ᠣᠷᠣᠨ ᠵᠠᠢ ᠶᠢᠨ ᠬᠡᠦᠬᠡᠳ ᠲᠤ ᠲᠣᠬᠢᠷᠠᠬᠤ᠂ ᠨᠠᠰᠤᠵᠢᠯ ᠳᠤ ᠲᠣᠬᠢᠷᠠᠬᠤ ᠪᠠ ᠰᠠᠭᠠᠳ ᠦᠭᠡᠢ ᠪᠤᠯᠭᠠᠬᠤ ᠥᠭᠡᠷᠡᠴᠢᠯᠡᠯᠲᠡ ᠶᠢ | ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠰᠠᠷᠠᠮᠵᠢ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠭᠡᠷ ᠪᠦᠯᠢ ᠶᠢᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ | ᠳᠣᠣᠷ᠎ᠠ᠂ ᠨᠠᠮ ᠤᠨ ᠤᠳᠤᠷᠢᠳᠤᠯᠭ᠎ᠠ ᠶᠢ ᠠᠷᠠᠳ ᠤᠨ ᠠᠮᠢᠳᠤᠷᠠᠯ ᠤᠨ ᠠᠵᠢᠯ ᠤᠨ ᠡᠯ᠎ᠡ ᠬᠦᠷᠢᠶ᠎ᠡ ᠪᠦᠭᠦ ᠶᠠᠪᠤᠴᠠ ᠳᠤ ᠲᠤᠭᠤᠰᠢᠯᠠᠭᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠪᠠ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠨᠡᠶᠢᠭᠡᠮ ᠤᠨ ᠦᠢᠯᠡᠰ ᠢ ᠳᠡᠮᠵᠢᠬᠦ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ | ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ | ᠬᠦᠷᠢᠶᠡᠨ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ | ᠦᠨᠡᠨ ᠬᠦ ᠪᠠᠲᠤ ᠰᠠᠬᠢᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ | ᠳᠦᠷᠢᠮ ᠢ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠰᠠᠯᠠᠭ᠎ᠠ ᠮᠥᠴᠢᠷ ᠠᠯᠤᠰᠯᠠᠨ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱᠢᠬᠦ ᠳᠤ ᠨᠡᠶᠢᠭᠡᠮ ᠤᠨ | ᠲᠥᠪ ᠭᠤᠤᠯᠴᠢ ᠶᠢᠨ ᠲᠠᠯ᠎ᠠ ᠠᠴᠠ ᠨᠡᠶᠢᠭᠡᠮ ᠤᠨ ᠵᠢᠱᠢᠯᠲᠡ ᠳᠤ ᠦᠵᠡᠭᠦᠯᠭᠦ ᠨᠥᠯᠥᠭᠡ ᠶᠢ ᠦᠨᠡᠯᠡᠨ ᠵᠢᠱᠢᠬᠦ ᠶᠢ ᠴᠢᠬᠤᠯᠠᠴᠢᠯᠠᠨ᠎ᠠ᠃ ᠠᠷᠠᠳ ᠤᠨ ᠠᠮᠢᠳᠤᠷᠠᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠪᠦᠭᠦ ᠤᠯᠤᠰ ᠤᠨ ᠳᠠᠪᠬᠤᠷᠭ᠎ᠠ ᠶᠢᠨ ᠵᠢᠱᠢᠯᠲᠡ ᠶᠢᠨ | ᠴᠢᠨᠠᠷᠲᠠᠢ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠶᠢ ᠱᠠᠲᠤ ᠱᠠᠲᠤ ᠪᠠᠷ ᠵᠠᠳᠠᠯᠬᠤ ᠪᠠ ︽ᠨᠢᠭᠡ ᠯᠡ ᠠᠳᠠᠯᠢ ᠪᠠᠷ ᠱᠠᠭᠠᠷᠳᠠᠬᠤ︾ ᠬᠢᠨᠠᠨ ᠰᠢᠯᠭᠠᠬᠤ | ᠦᠭᠡᠢ ᠪᠠᠶᠢᠬᠤ ᠬᠡᠷᠡᠭᠲᠡᠢ᠃ |