2025 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠭᠤᠣᠯᠳᠠᠯᠭ᠎ᠠ ᠪᠣᠯᠬᠤ ᠡᠭᠦᠷᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2025/6/25
    ᠨᠢᠭᠡ ᠳᠤ 6 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ 2025 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ︽4 + 1︾ ᠶᠢᠨ ᠴᠡᠭ ᠪᠠᠶᠢᠷᠢ ᠶᠢ ᠥᠷᠭᠡᠳᠬᠡᠭᠰᠡᠨ ᠰᠠᠭᠤᠷᠢᠨ ᠳᠡᠭᠡᠷ᠎ᠡ᠂ ᠬᠤᠰᠢᠭᠤᠷᠠᠯ ᠮᠡᠷᠭᠡᠵᠢᠯ ᠤᠨ ᠰᠢᠪᠲᠤᠯᠤᠯᠲᠠ ᠶᠢᠨ ᠲᠣᠭᠤᠷᠢᠨ ᠳᠤ᠂ ︽ᠵᠣᠬᠢᠶᠠᠮᠠᠯ ᠣᠶᠤᠨ +︾ ᠂ ᠳᠣᠣᠷ᠎ᠠ ᠠᠭᠠᠷ ᠤᠨ ᠠᠵᠤ ᠠᠬᠤᠢ᠂ ᠠᠮᠢᠳᠤ ᠪᠣᠳᠠᠰ ᠤᠨ ᠮᠡᠷᠭᠡᠵᠢᠯ ᠤᠨ ᠴᠡᠭ ᠪᠠᠶᠢᠷᠢ ᠶᠢ ᠡᠬᠢᠯᠡᠨ ᠬᠡᠷᠡᠭᠵᠢᠭᠦᠯᠵᠦ᠂ ︽7 + 1︾ ᠶᠢᠨ ᠴᠡᠭ ᠪᠠᠶᠢᠷᠢ ᠶᠢᠨ ᠪᠠᠶᠢᠷᠢᠰᠢᠯ ᠢ ᠪᠦᠷᠢᠯᠳᠦᠭᠦᠯᠦᠨ᠂ 39 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠰᠢᠨ᠎ᠡ ᠪᠠᠷ ᠪᠠᠶᠢᠷᠢᠯᠠᠭᠤᠯᠪᠠ᠃ ᠬᠤᠶᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠭᠤᠣᠯᠳᠠᠯᠭ᠎ᠠ ᠪᠣᠯᠬᠤ ᠡᠭᠦᠷᠭᠡ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠬᠦ ᠶᠢᠨ ᠲᠤᠰᠠᠳᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠡᠯ᠎ᠡ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠨᠦᠭᠦᠳ ᠢ ᠵᠣᠬᠢᠶᠠᠨ ᠪᠠᠶᠢᠭᠤᠯᠵᠤ ᠪᠠᠶᠢᠭᠠᠳ ᠬᠤᠪᠣᠷ ᠰᠢᠷᠣᠢ ᠶᠢᠨ ᠴᠡᠭ ᠪᠠᠶᠢᠷᠢ ᠯᠤᠭ᠎ᠠ ᠬᠤᠯᠪᠣᠭᠳᠠᠬᠤ ᠲᠥᠷᠥᠯ ᠵᠦᠢᠯ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ᠂ ᠰᠢᠯᠢᠳᠡᠭ ᠲᠤᠷᠰᠢᠯᠭ᠎ᠠ ᠪᠠᠷ ᠲᠣᠯᠢ ᠪᠣᠯᠭᠠᠪᠠ᠃ ᠭᠤᠷᠪᠠ ᠳᠤ 2024 ᠣᠨ ᠤ ᠦᠷ᠎ᠡ ᠪᠦᠲᠦᠮᠵᠢ ᠪᠠᠨ ᠳ᠋ᠦᠩᠨᠡᠵᠦ᠂ ︽ᠬᠡᠳᠦ ᠥᠨᠳᠥᠷ ᠳᠠᠭᠤᠨ ᠬᠤᠷᠳᠤᠴᠠᠲᠤ ᠨᠢᠰᠦᠭᠦᠷ ᠤᠨ ᠵᠠᠯᠠᠭᠤᠷ ᠮᠠᠰᠢᠨ ᠤ ᠠᠴᠢᠶᠠᠯᠠᠪᠤᠷᠢ ᠳᠠᠭᠤᠷᠢᠶᠠᠭᠤᠷ ᠤᠨ ᠳᠣᠣᠷ᠎ᠠ ᠢᠨᠧᠷᠼᠢ ᠶᠢᠨ ᠬᠡᠮᠵᠢᠶ᠎ᠡ ᠲᠠᠢ ᠥᠨᠳᠥᠷ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠰᠢᠰᠲ᠋ᠧᠮ︾ ︽ᠣᠨᠴᠠ ᠥᠨᠳᠥᠷ ᠬᠦᠴᠦᠳᠡᠯᠲᠦ ᠬᠤᠯᠢᠮᠠᠭ ᠹᠠᠰ ᠪᠠ ᠭᠦᠶᠤᠳᠡᠯ ᠤᠨ ᠰᠣᠯᠢᠭᠤᠷ︾ ︽ᠥᠷᠭᠡᠨ ᠬᠡᠪᠴᠢᠶᠡᠲᠦ ᠴᠢᠳᠠᠮᠵᠢ ᠶᠢᠨ ᠬᠡᠯᠪᠡᠯᠵᠡᠯ ᠲᠠᠢ ᠮᠢᠩᠭᠠᠨ ᠪᠠᠷᠢᠮᠵᠢᠶᠠᠲᠤ ᠳᠥᠷᠪᠡᠯᠵᠢᠨ ᠳᠡᠰ ᠤᠨ ᠴᠠᠬᠢᠯᠭᠠᠨ ᠵᠠᠳᠠᠯᠤᠯ ᠤᠨ ᠤᠰᠤᠲᠥ᠋ᠷᠥᠭᠴᠢ ᠦᠢᠯᠡᠳᠬᠦ ᠮᠠᠰᠢᠨ ᠴᠣᠭᠴᠠᠯᠠᠪᠤᠷᠢ︾ ︽ᠰᠦᠨ ᠤ ᠲᠡᠮᠦᠷᠲᠣ ᠤᠭᠤᠷᠠᠭ ᠢ ᠥᠨᠳᠥᠷ ᠪᠦᠲᠦᠮᠵᠢᠲᠡᠢ ᠪᠠᠷ ᠰᠠᠯᠭᠠᠨ ᠦᠢᠯᠡᠳᠬᠦ ᠮᠡᠷᠭᠡᠵᠢᠯ︾ ᠵᠡᠷᠭᠡ 10 ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠮᠬᠢᠯᠡᠵᠦ ᠨᠡᠶᠢᠲᠡᠯᠡᠪᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ