ᠣᠶᠢᠷ᠎ᠠ ᠳᠤ᠂ ᠥᠪᠥᠷ ᠮᠣᠩᠭᠤᠯ ᠤᠨ ᠪᠥᠬᠦ ᠣᠷᠣᠨ ᠤ ᠣᠯᠠᠨ ᠠᠶᠢᠮᠠᠭ ᠬᠤᠲᠠ ᠶᠢᠨ ᠦᠵᠡᠮᠵᠢ ᠶᠢᠨ ᠣᠷᠣᠨ ᠨᠢ ᠪᠥᠬᠦ ᠤᠯᠤᠰ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠳ ᠪᠠ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠲᠡᠭᠦᠰᠬᠦ ᠤᠯᠠᠷᠢᠯ ᠤᠨ ᠬᠠᠷᠠᠭᠠᠯᠵᠠᠯ | ᠬᠦᠷᠲᠡᠭᠡᠵᠦ ᠪᠠᠶᠢᠨ᠎ᠠ᠃ ᠡᠨᠡ ᠬᠦ ᠬᠦᠰᠡᠯ ᠤᠨ ᠣᠴᠢ ᠪᠠᠳᠠᠷᠠᠭᠰᠠᠨ ᠳᠡᠯᠭᠡᠷ ᠵᠤᠨ ᠤ ᠤᠯᠠᠷᠢᠯ ᠳᠤ᠂ ᠥᠪᠥᠷ ᠮᠣᠩᠭᠤᠯ ᠤᠨ ᠰᠤᠶᠤᠯ ᠵᠢᠭᠤᠯᠴᠢᠯᠠᠯ ᠤᠨ ᠬᠢᠨ | ᠦᠯᠡᠮᠵᠢ ᠣᠯᠠᠨ ᠰᠢᠯᠭᠠᠭᠤᠯᠤᠭᠰᠠᠳ ᠢ ᠥᠪᠥᠷ ᠮᠣᠩᠭᠤᠯ ᠳᠤ ᠢᠷᠡᠵᠦ ᠪᠡᠶ᠎ᠡ ᠰᠡᠳᠬᠢᠯ ᠢᠶᠠᠨ ᠠᠮᠠᠷᠠᠭᠠᠬᠤ ᠶᠢ ᠴᠢᠩ ᠰᠡᠳᠬᠢᠯᠭᠡ ᠠᠴᠠ ᠪᠠᠨ ᠤᠷᠢᠵᠤ ᠪᠣᠢ᠃ | ᠬᠢᠩᠭᠠᠨ ᠠᠶᠢᠮᠠᠭ ᠤᠨ ᠣᠯᠣᠨ ᠪᠦᠺᠧᠨ ᠤᠢ ᠰᠢᠭᠤᠢ ᠶᠢᠨ ᠰᠤᠶᠤᠯ ᠵᠤᠭᠠᠴᠠᠯ ᠤᠨ ᠤᠷᠤᠨ᠂ ᠪᠠᠶᠢᠯᠠᠩ ᠤᠷᠭᠢᠯ ᠤᠨ ᠦᠵᠡᠮᠵᠢ ᠶᠢᠨ ᠤᠷᠤᠨ᠂ ᠴᠠᠷᠠᠰᠤᠨ | ᠤᠰᠤᠨ ᠴᠦᠬᠦᠷᠦᠮ ᠤᠨ ᠦᠵᠡᠮᠵᠢ ᠶᠢᠨ ᠤᠷᠤᠨ᠂ ᠤᠯᠠᠭᠠᠨᠮᠤᠳᠤ ᠲᠠᠯ᠎ᠠ ᠨᠤᠳᠤᠭ ᠤᠨ ᠦᠵᠡᠮᠵᠢ ᠶᠢᠨ ᠤᠷᠤᠨ ᠵᠡᠷᠭᠡ 6 ᠦᠵᠡᠮᠵᠢ ᠶᠢᠨ ᠤᠷᠤᠨ ᠨᠢ ᠤᠯᠤᠰ ᠤᠨ | ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠰᠦᠢᠳᠭᠡᠯ ᠬᠤᠷᠢᠶᠠᠬᠤ ᠦᠭᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠣᠢ︔ ᠤᠯᠠᠭᠠᠨᠬᠠᠳᠠ ᠬᠤᠲᠠ ᠶᠢᠨ | A ᠲᠠᠰ ᠤᠨ 9 ᠦᠵᠡᠮᠵᠢ ᠶᠢᠨ ᠣᠷᠣᠨ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠳ ᠪᠠ ᠤᠯᠤᠰ ᠤᠨ ᠨᠢᠭᠡᠳᠦᠯᠲᠡᠢ ᠰᠢᠯᠭᠠᠯᠲᠠ ᠳᠤ | ᠣᠷᠤᠯᠴᠠᠭᠰᠠᠳ ᠲᠤ ᠬᠠᠭᠠᠰ ᠦᠨ᠎ᠡ ᠶᠢᠨ ᠬᠢᠮᠳᠠᠷᠠᠯ ᠲᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠢ︔ ᠤᠯᠠᠭᠠᠨᠴᠠᠪ ᠬᠤᠲᠠ ᠶᠢᠨ ᠰᠤᠮᠤᠨ | ᠠᠭᠤᠯᠠ ᠶᠢᠨ ᠵᠤᠭᠠᠴᠠᠯ ᠤᠨ ᠦᠵᠡᠮᠵᠢ ᠶᠢᠨ ᠣᠷᠣᠨ᠂ ᠭᠡᠭᠡᠨᠲᠠᠯ᠎ᠠ ᠲᠠᠯ᠎ᠠ ᠨᠤᠲᠤᠭ ᠤᠨ ᠵᠤᠭᠠᠴᠠᠯ ᠤᠨ ᠦᠵᠡᠮᠵᠢ ᠶᠢᠨ ᠣᠷᠣᠨ ᠨᠢ ᠰᠦᠢᠳᠬᠡᠯ ᠬᠤᠷᠢᠶᠠᠬᠤ ᠥᠬᠡᠶ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠢᠲᠡᠨᠰᠢᠯᠢ ᠬᠤᠩᠬᠤᠷ ᠭᠤᠤ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠠᠭᠠᠨ | ᠬᠠᠳᠠ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠡᠨᠡ ᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠳ ᠪᠠ ᠤᠯᠤᠰ ᠤᠨ | ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠪᠢᠯᠧᠲ ᠤᠨ ᠰᠦᠢᠳᠬᠡᠯ ᠠᠪᠬᠤ ᠦᠭᠡᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠢ︔ | ᠪᠤᠭᠤᠲᠤ ᠬᠤᠲᠠ ᠶᠢᠨ ᠪᠡᠳᠬᠡᠷ ᠵᠣᠣ ᠦᠵᠡᠮᠵᠢ ᠶᠢᠨ ᠣᠷᠣᠨ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠴᠢᠨ ᠤ ᠣᠷᠳᠣ ᠴᠠᠭᠠᠨ ᠬᠡᠷᠡᠮ ᠵᠡᠷᠭᠡ 6 | ᠦᠵᠡᠮᠵᠢ ᠶᠢᠨ ᠣᠷᠣᠨ ᠨᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠪᠢᠯᠧᠲ ᠤᠨ ᠰᠦᠢᠳᠬᠡᠯ ᠠᠪᠬᠤ ᠦᠭᠡᠢ ᠬᠠᠷᠠᠭᠠᠯᠵᠠᠯ ᠬᠦᠷᠲᠡᠭᠡᠵᠦ ᠪᠣᠢ | ︔ ᠬᠥᠯᠥᠨ ᠪᠤᠶᠢᠷ ᠤᠨ A ᠳᠡᠰ ᠤᠨ 10 ᠦᠵᠡᠮᠵᠢ ᠶᠢᠨ ᠣᠷᠣᠨ ᠨᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠬᠠᠭᠠᠰ ᠦᠨ᠎ᠡ ᠶᠢᠨ | ᠬᠢᠮᠳᠠᠷᠠᠯ ᠲᠠᠢ ᠪᠤᠶᠤ ᠪᠢᠯᠧᠲ ᠤᠨ ᠰᠦᠢᠳᠬᠡᠯ ᠠᠪᠬᠤ ᠦᠭᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠣᠶᠢᠯᠠᠭᠠᠭᠰᠠᠨ ᠢᠶᠠᠷ᠂ ᠡᠳᠡᠭᠡᠷ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠳᠣᠬᠠᠨ ᠳᠤ ᠨᠢᠭᠡᠨᠲᠡ ᠡᠬᠢᠯᠡᠨ ᠬᠡᠷᠡᠭᠵᠢᠭᠦᠯᠵᠦ᠂ ᠵᠢᠱᠢᠯᠲᠡ ᠪᠠᠷ 8 ᠳ᠋ᠤᠭᠠᠷ ᠰᠠᠷ᠎ᠠ ᠶᠢᠨ ᠡᠴᠦᠰ ᠢᠶᠠᠷ ᠥᠨᠳᠥᠷᠯᠡᠬᠦ | ᠪᠣᠯᠣᠨ᠎ᠠ᠃ |