ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠡᠭᠡᠳᠦ ᠱᠠᠲᠤᠨ ᠤ ᠠᠵᠢᠯ ᠤᠨ | ᠪᠠᠶᠢᠷᠢᠯᠠᠭᠤᠯᠤᠯᠲᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠭᠡᠭᠡᠨ ᠭᠤᠣᠯ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | ︽ᠪᠢ ᠭᠤᠷᠪᠠᠨ ᠤᠮᠠᠷᠠᠲᠤ ᠤᠷᠤᠨ ᠳᠤ ᠮᠣᠳᠣ ᠲᠠᠷᠢᠬᠤ︾ ᠠᠯᠪᠠᠨ ᠵᠢᠷᠤᠮ ᠤᠨ ᠮᠣᠳᠣ ᠲᠠᠷᠢᠬᠤ ᠲᠤᠰᠬᠠᠢ ᠰᠡᠳᠦᠪᠲᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠪᠠ᠃ | ᠬᠤᠷᠠᠯ ᠳᠡᠭᠡᠷ᠎ᠡ᠂ ᠭᠡᠭᠡᠨ ᠭᠤᠤᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠤᠯᠭ᠎ᠠ ᠲᠣᠰ ᠤᠳᠠᠭᠠᠨ ᠤ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠭᠡᠭᠡᠨ ᠭᠤᠤᠯ ᠬᠤᠲᠠ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠦᠵᠡᠭᠦᠯᠬᠦ ᠵᠠᠩᠭᠢᠯᠠᠭ᠎ᠠ ᠶᠢᠨ | ᠦᠢᠯᠡᠳᠦᠯ ᠢ ᠨᠠᠷᠢᠨ ᠲᠠᠶᠢᠯᠪᠤᠷᠢᠯᠠᠵᠤ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠪᠥᠬᠦ ᠠᠷᠠᠳ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠪᠥᠬᠦ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠢᠨ᠎ᠡ ᠦᠨᠳᠦᠷᠴᠡ ᠳᠤ ᠬᠦᠷᠭᠡᠬᠦ ᠶᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠬᠠᠷᠠᠯᠲᠠ ᠶᠢ | ᠲᠣᠳᠣᠷᠬᠠᠶᠢᠯᠠᠪᠠ᠃ | ᠬᠤᠷᠠᠯ ᠠᠴᠠ ᠠᠵᠢᠯᠯᠠᠭ᠎ᠠ ᠶᠢᠨ ᠪᠣᠳᠠᠲᠠᠶ ᠲᠣᠬᠢᠷᠠᠭᠤᠯᠤᠯᠲᠠ ᠶᠢ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠬᠢᠨ | ᠠᠵᠢᠯᠲᠠᠨ ᠢ ᠤᠷᠢᠳᠴᠢᠯᠠᠨ ᠵᠣᠬᠢᠶᠠᠨ ᠪᠠᠶᠢᠭᠤᠯᠵᠤ᠂ ᠮᠣᠳᠣ ᠳᠠᠷᠢᠬᠤ ᠪᠠᠭᠠᠵᠢ᠂ ᠵᠤᠯᠵᠠᠭ᠎ᠠ ᠮᠣᠳᠣ ᠶᠢ ᠲᠡᠭᠡᠭᠡᠪᠦᠷᠢᠯᠡᠬᠦ ᠵᠡᠷᠭᠡ ᠪᠡᠯᠡᠳᠬᠡᠯ ᠠᠵᠢᠯ ᠢ ᠰᠠᠶᠢᠲᠤᠷ ᠬᠢᠬᠦ | ᠬᠡᠷᠡᠭᠲᠡᠶ᠃ ᠮᠣᠳᠣ ᠳᠠᠷᠢᠬᠤ ᠲᠤᠬᠠᠶ ᠶᠢᠨ ᠲᠠᠯᠠᠪᠠᠶ ᠳᠤ᠂ ᠬᠠᠷᠢᠭᠤᠴᠠᠯᠭᠠᠲᠤ ᠣᠷᠣᠨ ᠪᠦᠰᠡ ᠬᠤᠪᠢᠶᠠᠵᠤ᠂ ᠡᠯ᠎ᠡ ᠨᠢᠭᠡᠴᠢ ᠶᠢᠨ ᠮᠣᠳᠣ ᠳᠠᠷᠢᠬᠤ ᠠᠵᠢᠯᠯᠠᠭ᠎ᠠ ᠶᠢ | ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠵᠤ᠂ ᠮᠣᠳᠣ ᠳᠠᠷᠢᠬᠤ ᠶᠠᠰᠤ ᠴᠢᠨᠠᠷ ᠢ ᠪᠠᠲᠤᠯᠠᠨ᠎ᠠ᠃ ᠡᠭᠦᠨ ᠠᠴᠠ ᠭᠠᠳᠠᠨ᠎ᠠ᠂ ᠪᠠᠰᠠ ᠨᠠᠷᠢᠨ ᠲᠣᠳᠣᠷᠬᠠᠶ | ᠤᠬᠠᠭᠤᠯᠬᠤ ᠲᠥᠰᠦᠯ ᠲᠣᠭᠲᠠᠭᠠᠵᠤ᠂ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠲᠧᠯᠸᠢᠰ ᠬᠤᠷᠢᠶ᠎ᠠ ᠵᠡᠷᠭᠡ ᠣᠯᠠᠨ | ᠠᠷᠭ᠎ᠠ ᠵᠠᠮ ᠢᠶᠠᠷ ᠤᠬᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠳᠤ ᠢᠳᠡᠪᠬᠢᠲᠡᠶ ᠣᠷᠣᠯᠴᠠᠬᠤ ᠶᠢ | ᠵᠣᠷᠢᠭᠵᠢᠭᠤᠯᠵᠤ᠂ ᠪᠥᠬᠦ ᠠᠷᠠᠳ ᠢᠶᠠᠷ ᠢᠶᠠᠨ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠬᠠᠶᠢᠷᠠᠯᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠤᠯᠭᠠᠨ᠎ᠠ᠃ | ᠲᠣᠰ ᠤᠳᠠᠭᠠᠨ ᠤ ᠪᠠᠶᠢᠷᠢᠯᠠᠭᠤᠯᠤᠯᠲᠠ ᠶᠢᠨ ᠬᠤᠷᠠᠯ ᠨᠢ ᠭᠡᠭᠡᠨ ᠭᠤᠤᠯ ᠬᠤᠲᠠ ᠶᠢᠨ ︽ᠪᠢ ᠭᠤᠷᠪᠠᠨ ᠤᠮᠠᠷᠠᠲᠤ ᠤᠷᠤᠨ ᠳᠤ ᠮᠣᠳᠣ ᠲᠠᠷᠢᠬᠤ︾ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠡᠯ᠎ᠡ ᠰᠢᠶᠠᠩ ᠪᠠᠯᠭᠠᠰᠤ᠂ ᠬᠡᠷᠡᠭ | ᠡᠷᠬᠢᠯᠡᠬᠦ ᠭᠠᠵᠠᠷ ᠢᠳᠡᠪᠬᠢᠲᠡᠢ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠳᠤ ᠭᠡᠭᠡᠨ | ᠭᠤᠣᠯ ᠤᠨ ᠬᠦᠴᠦᠨ ᠴᠢᠳᠠᠯ ᠢᠶᠠᠨ ᠡᠷᠭᠦᠵᠦ᠂ ᠭᠡᠭᠡᠨ ᠭᠤᠣᠯ ᠬᠤᠳᠠ ᠶᠢᠨ ᠨᠡᠩ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠵᠢᠷᠤᠭ ᠢ ᠬᠠᠮᠲᠤᠪᠠᠷ ᠵᠢᠷᠤᠭᠯᠠᠨ᠎ᠠ | ᠭᠡᠵᠦ ᠢᠯᠡᠳᠬᠡᠪᠡ᠃ |