ᠠᠯᠪᠠᠨ ᠲᠤᠰᠢᠶᠠᠯᠲᠠᠨ ᠤ ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠪᠠᠭᠤᠳᠠᠯᠯᠠᠬᠤ ᠵᠠᠷᠤᠳᠠᠯ ᠢ ᠵᠢᠷᠤᠮᠵᠢᠭᠤᠯᠬᠤ ᠬᠠᠮᠢᠶᠠᠷᠤᠯᠲᠠ ᠪᠣᠯ ᠲᠥᠪ ᠤᠨ ᠨᠠᠢᠮᠠᠨ | ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠶᠢ ᠪᠠᠷᠢᠮᠲᠠᠯᠠᠨ ᠠᠷᠪᠢᠴᠢ ᠭᠠᠮᠲᠠᠢ ᠠᠮᠢᠳᠤᠷᠠᠬᠤ ᠶᠢᠨ ᠴᠢᠬᠤᠯᠠ | ᠠᠭᠤᠯᠭ᠎ᠠ ᠪᠣᠯᠣᠨ᠎ᠠ᠃ | ᠪᠢᠳᠠ ᠬᠠᠮᠲᠤ ᠪᠠᠷ ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ | ᠠᠷᠭ᠎ᠠ︾ ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠤᠨ ᠣᠷᠣᠨ ᠨᠤᠲᠤᠭ ᠲᠤ ᠬᠦᠷᠴᠦ ᠠᠯᠪᠠᠨ ᠶᠠᠪᠤᠳᠠᠯ ᠢᠶᠠᠷ ᠭᠠᠷᠴᠤ ᠪᠠᠭᠤᠳᠠᠯᠯᠠᠬᠤ | ᠵᠠᠷᠤᠳᠠᠯ ᠤᠨ ᠪᠠᠷᠢᠮᠵᠢᠶ᠎ᠠ ᠶᠢᠨ ᠨᠠᠷᠢᠨ ᠬᠦᠰᠦᠨᠦᠭᠲᠦ︾ ᠯᠦᠭᠡ ᠬᠠᠷᠭᠤᠭᠤᠯᠤᠨ ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠪᠠᠭᠤᠳᠠᠯᠯᠠᠬᠤ ᠵᠠᠷᠤᠳᠠᠯ ᠤᠨ ᠲᠠᠯ᠎ᠠ ᠪᠠᠷ | ᠠᠩᠬᠠᠷᠤᠭᠤᠯᠬᠤ ᠪᠠᠷ ᠵᠢᠭᠰᠠᠭᠠᠭᠰᠠᠨ ᠲᠣᠳᠣᠷᠬᠠᠢ ᠬᠠᠭᠤᠳᠠᠰᠤ ᠶᠢ ᠣᠶᠢᠯᠠᠭᠠᠵᠠᠭᠠᠶ᠎ᠠ︕ | ᠬᠤᠨᠤᠭ ᠤᠨ ᠵᠠᠷᠤᠳᠠᠯ ᠨᠢ ᠪᠠᠷᠢᠮᠵᠢᠶ᠎ᠠ ᠠᠴᠠ ᠬᠡᠲᠦᠷᠡᠵᠦ ᠪᠣᠯᠬᠤ ᠦᠦ︖ | ᠡᠨᠡ ᠤᠳᠠᠭᠠᠨ ᠤ ᠬᠤᠷᠠᠯ ᠤᠨ ᠭᠠᠵᠠᠷ ᠨᠢ ᠵᠢᠭᠠᠬᠠᠨ ᠪᠤᠶᠢᠳᠠ ᠪᠥᠭᠯᠡᠭᠦᠦ᠂ ᠭᠡᠪᠡᠴᠦ ᠭᠤᠣᠯᠴᠢᠯᠠᠨ ᠡᠷᠬᠢᠯᠡᠭᠰᠡᠡ ᠲᠠᠯ᠎ᠠ ᠶᠢᠨ ᠬᠢᠨ ᠤ ᠨᠢᠭᠡᠲᠦᠯᠲᠡᠢ | ᠲᠣᠬᠢᠷᠠᠭᠤᠯᠤᠭᠰᠠᠨ ᠪᠠᠭᠤᠳᠠᠯ ᠤᠨ ᠦᠷᠦᠭᠡ ᠶᠢᠨ ᠵᠠᠷᠤᠳᠠᠯ ᠬᠠᠮᠤᠭ ᠬᠢᠮᠳᠠ ᠳᠤ ᠪᠠᠨ ᠣᠷᠣᠢ ᠪᠦᠷᠢ 550 ᠲᠥᠭᠦᠷᠢᠭ᠂ ᠪᠠᠷᠢᠮᠵᠢᠶ᠎ᠠ ᠠᠴᠠ 50 ᠲᠥᠭᠦᠷᠢᠭ | ᠳᠠᠪᠠᠭᠰᠠᠨ ᠪᠠᠶᠢᠨ᠎ᠠ᠂ ᠵᠣᠭᠤᠰ ᠤᠨ ᠲᠤᠭ᠎ᠠ ᠨᠢ ᠳᠡᠮᠡᠢ ᠶᠡᠭᠡ ᠪᠢᠰᠢ ᠶᠤᠮ ᠴᠢᠨᠢ ᠲᠡᠷᠡ ᠦᠶ᠎ᠡ ᠳᠤ ᠡᠳ᠋ ᠤᠨ ᠶᠠᠪᠤᠳᠠᠯ ᠤᠨ ᠠᠵᠢᠯᠲᠠᠨ ᠢᠶᠠᠷ ᠡᠪᠯᠡᠭᠦᠯᠴᠢᠬᠡᠶᠡ ᠁ | | ᠵᠥᠪ ᠦᠦ ᠪᠤᠷᠤᠭᠤ ᠦᠦ︖ | ᠪᠤᠷᠤᠭᠤ︕ ᠪᠠᠭᠤᠳᠠᠯ ᠤᠨ ᠦᠨ᠎ᠡ ᠬᠠᠩᠰᠢ ᠨᠢ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠲᠤᠰᠢᠶᠠᠯ ᠤᠨ ᠳᠡᠰ ᠤᠨ | ᠪᠠᠷᠢᠮᠵᠢᠶ᠎ᠠ ᠳᠤ ᠨᠡᠶᠢᠴᠡᠭᠰᠡᠨ ᠪᠠᠭᠤᠳᠠᠯ ᠢ ᠥᠪᠡᠰᠦᠪᠡᠨ ᠰᠣᠩᠭᠤᠬᠤ ᠬᠡᠷᠡᠭᠲᠡᠢ᠃ ᠠᠵᠢᠯ ᠤᠨ ᠬᠡᠷᠡᠭᠴᠡᠭᠡ ᠠᠴᠠ ᠪᠣᠯᠵᠤ ᠲᠥᠪᠯᠡᠷᠡᠭᠦᠯᠦᠨ ᠪᠠᠭᠤᠳᠠᠯᠯᠠᠵᠤ ᠵᠠᠷᠤᠳᠠᠯ ᠨᠢ | ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠤᠷᠢᠳ ᠢᠶᠠᠷ ᠲᠤᠰ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃ | ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠨᠢ ᠥᠪᠡᠰᠦᠪᠡᠨ ᠡᠭᠦᠷᠭᠡᠯᠡᠬᠦ ᠬᠡᠷᠡᠭᠲᠡᠢ᠃ | ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ᠳᠤ | ᠲᠣᠭᠲᠠᠭᠠᠭᠰᠠᠨ ᠢᠶᠠᠷ᠂ ᠬᠤᠨᠤᠭ ᠤᠨ ᠵᠠᠷᠤᠳᠠᠯ ᠨᠢ ᠪᠠᠷᠢᠮᠵᠢᠶ᠎ᠠ ᠶᠢᠨ ᠬᠢᠵᠠᠭᠠᠷᠯᠠᠬᠤ ᠬᠡᠪᠴᠢᠶᠡᠨ ᠳᠤ ᠪᠠᠶᠢᠪᠠᠯ ᠪᠠᠷᠢᠮᠲᠠ ᠪᠠᠷ ᠢᠶᠠᠨ ᠲᠡᠷᠡ ᠬᠡᠪ ᠢᠶᠠᠷ ᠨᠢ ᠳᠠᠩᠰᠠ | ᠲᠠᠶᠢᠯᠤᠨ᠎ᠠ᠃ ᠵᠠᠷᠤᠳᠠᠯ ᠢᠶᠠᠨ ᠲᠣᠭᠲᠠᠭᠠᠯ ᠶᠣᠰᠣᠭᠠᠷ ᠵᠠᠷᠤᠭᠰᠠᠨ ᠦᠭᠡᠢ ᠪᠠᠶᠢᠪᠠᠯ᠂ ᠬᠡᠲᠦᠷᠡᠭᠦᠯᠦᠨ ᠵᠠᠷᠤᠭᠰᠠᠨ ᠬᠡᠰᠡᠭ ᠢ ᠬᠤᠪᠢ ᠬᠥᠮᠥᠨ ᠥᠪᠡᠷ ᠢᠶᠠᠨ | ᠬᠠᠷᠢᠭᠤᠴᠠᠨ᠎ᠠ᠃ | ᠬᠡᠭᠡᠨᠴᠢᠷ ᠢᠵᠢ ᠥᠷᠥᠭᠡᠨ ᠳᠤ ᠰᠠᠭᠤᠵᠤ ᠪᠣᠯᠬᠤ ᠦᠦ︖ | ᠡᠨᠡ ᠤᠳᠠᠭ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠳᠤ ᠪᠠᠷᠢᠮᠵᠢᠶ᠎ᠠ ᠶᠣᠰᠣᠭᠠᠷ ᠪᠣᠯ 900 ᠲᠥᠭᠦᠷᠢᠭ ᠤᠨ ᠥᠷᠥᠭᠡᠨ ᠳᠤ ᠪᠠᠭᠤᠳᠠᠯᠯᠠᠵᠤ ᠪᠣᠯᠣᠨ᠎ᠠ᠂ | ᠡᠨᠡ ᠬᠦ ᠵᠣᠴᠢᠳ ᠤᠨ ᠪᠠᠭᠤᠳᠠᠯ ᠤᠨ ᠡᠩ ᠤᠨ ᠪᠠᠷᠢᠮᠵᠢᠶᠠᠲᠤ ᠲᠠᠰᠤᠯᠭ᠎ᠠ ᠨᠢ ᠵᠥᠪᠬᠡᠨ 500 ᠲᠥᠭᠦᠷᠢᠭ ᠪᠠᠶᠢᠨ᠎ᠠ᠂ ᠡᠰᠡᠪᠡᠯ 888 ᠲᠦᠭᠦᠷᠢᠭ ᠤᠨ ᠬᠡᠭᠡᠨᠴᠢᠷ | ᠢᠵᠢ ᠥᠷᠥᠭᠡ ᠪᠣᠯᠭᠠᠴᠢᠬᠠᠶ᠎ᠠ᠂ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠢ ᠳᠠᠯᠢᠮᠳᠠᠭᠤᠯᠤᠨ ᠵᠢᠷᠭᠠᠬᠤ ᠦᠭᠡᠢ ᠪᠣᠯ ᠬᠤᠨᠵᠢᠭᠳᠠᠨᠠ ᠁ | ᠵᠥᠪ ᠦᠦ ᠪᠤᠷᠤᠭᠤ ᠦᠦ︖ | ᠪᠤᠷᠤᠭᠤ︕ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠂ ᠠᠯᠪᠠᠨ ᠲᠤᠰᠢᠶᠠᠯᠲᠠᠨ ᠠᠯᠪᠠᠨ | ᠶᠠᠪᠤᠳᠠᠯ ᠢᠶᠠᠷ ᠭᠠᠳᠠᠭᠰᠢ ᠭᠠᠷᠬᠤ ᠳᠤ ᠪᠠᠨ ᠠᠯᠪᠠᠨ ᠠᠵᠢᠯᠯᠠᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠢᠮᠵᠢᠶ᠎ᠠ ᠠᠴᠠ ᠬᠡᠲᠦᠷᠡᠭᠰᠡᠨ ᠣᠷᠣᠨ | ᠰᠠᠭᠤᠴᠠ ᠶᠢ ᠰᠣᠩᠭᠤᠵᠤ ᠪᠣᠯᠬᠤ ᠦᠭᠡᠢ᠃ | ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ᠳᠤ | ᠲᠣᠭᠲᠠᠭᠠᠭᠰᠠᠨ ᠢᠶᠠᠷ᠂ ᠶᠠᠮᠤᠨ ᠤ ᠳᠡᠰ ᠤᠨ ᠵᠢᠴᠢ ᠲᠡᠭᠦᠨ ᠲᠠᠢ ᠲᠡᠩᠴᠡᠬᠦ ᠲᠤᠰᠢᠶᠠᠯ ᠲᠠᠢ ᠬᠥᠮᠥᠰ ᠡᠩ ᠤᠨ ᠢᠵᠢ ᠥᠷᠥᠭᠡᠨ ᠳᠤ ᠪᠠᠭᠤᠳᠠᠯᠯᠠᠵᠤ᠂ ᠵᠤᠷᠭᠠᠨ | ᠲᠣᠪᠴᠢᠶᠠᠨ ᠤ ᠳᠡᠰ ᠤᠨ ᠵᠢᠴᠢ ᠲᠡᠭᠦᠨ ᠠᠴᠠ ᠳᠣᠷᠣᠭᠰᠢᠬᠢ ᠲᠤᠰᠢᠶᠠᠯ ᠲᠠᠢ ᠬᠥᠮᠥᠰ ᠭᠠᠭᠴᠠ ᠲᠠᠰᠤᠯᠭ᠎ᠠ ᠪᠤᠶᠤ ᠪᠠᠷᠢᠮᠵᠢᠶᠠᠲᠤ ᠲᠠᠰᠤᠯᠭ᠎ᠠ ᠳᠤ ᠪᠠᠭᠤᠳᠠᠯᠯᠠᠨᠠ᠃ | ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠬᠥᠮᠥᠰ ᠲᠤᠰᠢᠶᠠᠯ ᠤᠨ ᠵᠡᠷᠭᠡ ᠳᠡᠰ ᠲᠤ ᠪᠠᠨ ᠵᠣᠬᠢᠴᠠᠭᠰᠠᠨ ᠬᠤᠨᠤᠭ ᠤᠨ ᠵᠠᠷᠤᠳᠠᠯ ᠤᠨ ᠪᠠᠷᠢᠮᠵᠢᠶ᠎ᠠ ᠶᠢᠨ | ᠬᠢᠵᠠᠭᠠᠷᠯᠠᠬᠤ ᠬᠡᠪᠴᠢᠶᠡᠨ ᠳᠣᠲᠣᠷ᠎ᠠ᠂ ᠠᠮᠤᠷ ᠲᠦᠪᠰᠢᠨ᠂ ᠬᠢᠮᠳᠠᠬᠠᠨ᠂ ᠳᠥᠭᠦᠮ ᠳᠥᠲᠡ ᠵᠣᠴᠢᠳ ᠤᠨ ᠪᠠᠭᠤᠳᠠᠯ ᠢ ᠰᠣᠩᠭᠤᠵᠤ ᠪᠠᠭᠤᠳᠠᠯᠯᠠᠬᠤ ᠬᠡᠷᠡᠭᠲᠡᠢ᠃ | ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠲᠣᠬᠢᠶᠠᠯᠳᠤᠪᠠᠯ ᠶᠠᠭᠠᠬᠢᠬᠤ ᠪᠤᠢ︖ | ᠵᠤᠨ ᠤ ᠴᠠᠭ ᠲᠤ ᠠᠯᠪᠠᠨ ᠶᠠᠪᠤᠳᠠᠯ ᠢᠶᠠᠷ ᠰᠢᠨᠢᠩ ᠳᠤ ᠢᠷᠡᠭᠰᠡᠨ ᠴᠢᠨᠢ ᠶᠠᠭ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ | ᠲᠣᠬᠢᠶᠠᠯᠳᠤᠵᠤ ᠪᠠᠭᠤᠳᠠᠯ ᠤᠨ ᠰᠦᠢᠳᠬᠡᠯ ᠥᠰᠦᠭᠰᠡᠨ ᠪᠠᠶᠢᠨ᠎ᠠ᠂ 350 ᠲᠦᠭᠦᠷᠢᠭ ᠤᠨ ᠪᠠᠷᠢᠮᠵᠢᠶ᠎ᠠ ᠪᠠᠷ ᠲᠣᠬᠢᠷᠠᠮᠵᠢᠲᠠᠢ ᠪᠠᠭᠤᠳᠠᠯ ᠣᠯᠳᠠᠬᠤ ᠦᠭᠡᠢ᠂ | ᠲᠣᠭᠲᠠᠭᠠᠯ ᠢ ᠦᠨᠳᠦᠰᠦᠯᠡᠵᠦ ᠪᠠᠶᠢᠭᠠᠳ ᠪᠠᠷᠢᠮᠵᠢᠶ᠎ᠠ ᠪᠠᠨ ᠵᠣᠬᠢᠰᠲᠠᠢ ᠳᠡᠭᠡᠭᠰᠢᠯᠡᠭᠦᠯᠵᠦ ᠪᠣᠯᠣᠨ᠎ᠠ ᠦᠦ ᠦᠭᠡᠢ ᠦᠦ ᠁ | ᠵᠥᠪ ᠦᠦ ᠪᠤᠷᠤᠭᠤ ᠦᠦ︖ | ᠵᠥᠪ᠃ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠦᠶ᠎ᠡ ᠳᠤ ᠬᠤᠨᠤᠭ ᠤᠨ ᠵᠠᠷᠤᠳᠠᠯ ᠤᠨ ᠪᠠᠷᠢᠮᠵᠢᠶ᠎ᠠ ᠨᠢ ᠲᠤᠬᠠᠢ ᠶᠢᠨ ᠭᠠᠵᠠᠷ ᠣᠷᠣᠨ ᠤ ᠠᠵᠤ | ᠠᠬᠤᠢ ᠶᠢᠨ ᠬᠢᠷᠢ ᠲᠦᠪᠰᠢᠨ᠂ ᠪᠠᠷᠠᠭᠠᠨ ᠤ ᠦᠨ᠎ᠡ ᠶᠢᠨ ᠪᠠᠶᠢᠳᠠᠯ ᠠᠴᠠ ᠪᠣᠯᠵᠤ ᠠᠳᠠᠯᠢ ᠦᠭᠡᠢ ᠪᠠᠶᠢᠳᠠᠭ᠃ | ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠤᠨ ᠣᠷᠣᠨ ᠨᠤᠲᠤᠭ ᠲᠤ ᠬᠦᠷᠴᠦ ᠠᠯᠪᠠᠨ ᠶᠠᠪᠤᠳᠠᠯ ᠢᠶᠠᠷ ᠭᠠᠷᠴᠤ ᠪᠠᠭᠤᠳᠠᠯᠯᠠᠬᠤ ᠵᠠᠷᠤᠳᠠᠯ ᠤᠨ | ᠪᠠᠷᠢᠮᠵᠢᠶ᠎ᠠ ᠶᠢᠨ ᠨᠠᠷᠢᠨ ᠬᠦᠰᠦᠨᠦᠭᠲᠦ︾ ᠨᠢ ᠭᠠᠵᠠᠷ ᠵᠦᠢ᠂ ᠠᠭᠤᠷ ᠠᠮᠢᠰᠬᠤᠯ ᠵᠡᠷᠭᠡ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠪᠠ ᠤᠯᠠᠷᠢᠯ ᠤᠨ ᠴᠢᠨᠠᠷᠲᠠᠢ | ᠬᠠᠯᠠᠮᠰᠢᠯ ᠳᠤ ᠨᠡᠯᠢᠶᠡᠳ ᠶᠡᠭᠡ ᠨᠥᠯᠥᠭᠡᠯᠡᠭᠳᠡᠬᠦ ᠬᠤᠲᠠ ᠳᠤ᠂ ᠠᠳᠠᠯᠢ ᠪᠤᠰᠤ ᠤᠯᠠᠷᠢᠯ ᠳᠠᠬᠢ ᠬᠤᠨᠤᠭ ᠤᠨ ᠵᠠᠷᠤᠳᠠᠯ ᠢ ᠨᠠᠩ ᠵᠣᠬᠢᠰᠲᠠᠢ ᠲᠤᠰᠬᠠᠬᠤ ᠶᠢᠨ ᠲᠦᠯᠦᠭᠡ᠂ | ᠵᠢᠭᠤᠯᠴᠢᠯᠠᠯ ᠤᠨ ᠬᠥᠭᠵᠢᠶᠡᠨ ᠦᠭᠡᠢ ᠤᠯᠠᠷᠢᠯ ᠪᠠ ᠬᠥᠭᠵᠢᠶᠡᠨᠲᠡᠢ ᠤᠯᠠᠷᠢᠯ ᠤᠨ ᠪᠠᠷᠢᠮᠵᠢᠶ᠎ᠠ ᠶᠢ ᠬᠡᠷᠡᠭᠵᠢᠭᠦᠯᠦᠨ᠂ ᠬᠤᠨᠤᠭ ᠤᠨ ᠵᠠᠷᠤᠳᠠᠯ ᠤᠨ ᠬᠢᠵᠠᠭᠠᠷᠯᠠᠬᠤ | ᠪᠠᠷᠢᠮᠵᠢᠶ᠎ᠠ ᠶᠢ ᠬᠥᠭᠵᠢᠶᠡᠨᠲᠡᠢ ᠤᠯᠠᠷᠢᠯ ᠳᠤ ᠵᠣᠬᠢᠬᠤ ᠬᠠᠷᠢᠴᠠᠯ ᠢᠶᠠᠷ ᠥᠰᠬᠡᠪᠡ᠃ | ᠪᠡᠯᠡ ᠮᠥᠩᠭᠦ ᠶᠢ ᠮᠡᠬᠡᠯᠡᠨ ᠠᠪᠬᠤ ᠨᠢ ᠲᠣᠭᠲᠠᠭᠠᠯ ᠠᠴᠠ ᠵᠥᠷᠢᠴᠡᠭᠰᠡᠨ ᠦᠦ︖ | ᠡᠨᠡ ᠤᠳᠠᠭ᠎ᠠ ᠠᠯᠪᠠᠨ ᠶᠠᠪᠤᠳᠠᠯ ᠢᠶᠠᠷ ᠰᠠᠨᠶᠠ ᠳᠤ ᠭᠤᠷᠪᠠᠨ ᠡᠳᠦᠷ ᠪᠣᠯᠵᠠᠢ᠂ ᠳᠥᠩᠭᠡᠵᠦ ᠨᠢᠭᠡ ᠤᠳᠠᠭ᠎ᠠ ᠭᠠᠷᠴᠤ ᠢᠷᠡᠭᠰᠡᠨ ᠶᠤᠮ ᠴᠢᠨᠢ ᠳᠠᠭᠠᠤ ᠳᠤ ᠨᠢ | ᠢᠯᠡᠭᠦᠦ ᠬᠤᠶᠠᠷ ᠡᠳᠦᠷ ᠰᠠᠭᠤᠴᠢᠬᠠᠶ᠎ᠠ᠂ ᠵᠣᠴᠢᠳ ᠤᠨ ᠪᠠᠭᠤᠳᠠᠯ ᠢᠶᠠᠷ ᠪᠢᠳᠡᠨ ᠳᠤ ᠲᠠᠪᠤᠨ ᠡᠳᠦᠷ ᠤᠨ ᠪᠠᠭᠤᠳᠠᠯ ᠤᠨ ᠰᠦᠢᠳᠬᠡᠯ ᠢ ᠭᠤᠷᠪᠠᠨ ᠡᠳᠦᠷ ᠢᠶᠠᠷ | ᠲᠡᠭᠰᠢᠳᠬᠡᠨ ᠨᠣᠭᠳᠠᠭᠤᠯᠵᠤ ᠪᠠᠷᠢᠮᠲᠠ ᠪᠢᠴᠢᠭᠦᠯᠦᠶᠡ᠂ ᠶᠠᠭᠠᠬᠢᠭᠰᠠᠨ ᠴᠤ ᠬᠠᠮᠤᠭ ᠥᠨᠳᠥᠷ ᠪᠠᠷᠢᠮᠵᠢᠶ᠎ᠠ ᠠᠴᠠ ᠬᠡᠲᠦᠷᠡᠭᠦᠯᠬᠦ ᠦᠭᠡᠢ ᠁ | ᠵᠥᠪ ᠦᠦ ᠪᠤᠷᠤᠭᠤ ᠦᠦ︖ | ᠪᠤᠷᠤᠭᠤ︕ ᠪᠠᠭᠤᠳᠠᠯ ᠤᠨ ᠰᠦᠢᠳᠬᠡᠯ ᠤᠨ ᠪᠠᠷᠢᠮᠲᠠ ᠶᠢ ᠬᠤᠳᠠᠯ ᠢᠶᠠᠷ ᠪᠢᠴᠢᠵᠦ ᠲᠣᠭᠲᠠᠭᠠᠯ ᠠᠴᠠ ᠵᠦᠷᠢᠴᠡᠨ ᠵᠢᠭᠤᠯᠴᠢᠯᠠᠯ ᠤᠨ ᠵᠠᠷᠤᠳᠠᠯ ᠢ ᠲᠤᠯᠭᠠᠨ | ᠬᠠᠰᠤᠬᠤ ᠨᠢ ᠤᠯᠠᠭᠠᠨ ᠱᠤᠭᠤᠮ ᠢ ᠳᠠᠪᠠᠭᠰᠠᠨ ᠦᠢᠯᠡ ᠠᠵᠢᠯᠯᠠᠭ᠎ᠠ ᠪᠣᠯᠣᠨ᠎ᠠ᠃ | ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ᠳᠤ | ᠲᠣᠭᠲᠠᠭᠠᠭᠰᠠᠨ ᠢᠶᠠᠷ᠂ ᠬᠠᠮᠢᠶ᠎ᠠ ᠪᠦᠬᠦᠢ ᠤᠳᠤᠷᠢᠳᠤᠯᠭ᠎ᠠ᠂ ᠡᠳ᠋ ᠤᠨ ᠶᠠᠪᠤᠳᠠᠯ ᠤᠨ ᠠᠵᠢᠯᠲᠠᠳ ᠵᠡᠷᠭᠡ ᠬᠦᠮᠦᠰ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ | ᠵᠠᠷᠤᠳᠠᠯ ᠤᠨ ᠳᠠᠩᠰᠠ ᠲᠠᠶᠢᠯᠬᠤ ᠠᠵᠢᠯ ᠢ ᠴᠢᠩᠭ᠎ᠠ ᠬᠢᠨᠠᠨ ᠪᠠᠶᠢᠴᠠᠭᠠᠵᠤ᠂ ᠫᠢᠶᠣᠣ ᠪᠠᠷᠢᠮᠲᠠ ᠶᠢᠨ ᠢᠷᠡᠯᠲᠡ ᠨᠢ ᠬᠠᠤᠯᠢ ᠶᠣᠰᠣᠨ ᠤ᠂ ᠠᠭᠤᠯᠭ᠎ᠠ ᠨᠢ ᠦᠨᠡᠨ | ᠪᠣᠳᠠᠲᠠᠢ ᠪᠥᠭᠡᠳ ᠪᠦᠷᠢᠨ ᠭᠦᠢᠴᠡᠳ᠂ ᠲᠣᠭᠲᠠᠭᠠᠯ ᠳᠤ ᠨᠡᠶᠢᠴᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ | ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ᠂ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠵᠠᠷᠤᠳᠠᠯ ᠢᠶᠠᠨ ᠲᠣᠭᠲᠠᠭᠠᠯ ᠶᠣᠰᠣᠭᠠᠷ ᠵᠠᠷᠤᠭᠰᠠᠨ ᠦᠭᠡᠢ ᠪᠠ | ᠳᠠᠩᠰᠠᠨ ᠠᠴᠠ ᠲᠠᠶᠢᠯᠤᠭᠰᠠᠨ ᠦᠭᠡᠢ ᠬᠥᠮᠥᠰ ᠢ ᠴᠢᠩᠭ᠎ᠠ ᠰᠢᠢᠳᠬᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠭᠰᠡᠨ ᠪᠡᠯᠡ ᠮᠥᠩᠭᠦ ᠶᠢ ᠨᠢ ᠨᠡᠬᠡᠮᠵᠢᠯᠡᠨ | ᠪᠤᠴᠠᠭᠠᠯᠭᠠᠬᠤ ᠬᠡᠷᠡᠭᠲᠡᠢ᠃ | ᠰᠠᠬᠢᠯᠭ᠎ᠠ ᠪᠠᠲᠤ ᠶᠢᠨ ᠰᠠᠨᠠᠭᠤᠯᠤᠮᠵᠢ | ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠳᠠᠩᠰᠠ᠂ ᠠᠵᠤ ᠠᠬᠤᠢ ᠶᠢᠨ ᠳᠠᠩᠰᠠ᠂ ᠨᠡᠷ᠎ᠡ ᠲᠦᠷᠦ ᠶᠢᠨ ᠳᠠᠩᠰᠠ ᠪᠠᠨ ᠰᠠᠶᠢᠲᠤᠷ ᠪᠤᠳᠤᠬᠤ ᠬᠡᠷᠡᠭᠲᠡᠢ | ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠠᠵᠢᠯᠯᠠᠭ᠎ᠠ ᠶᠢᠨ ᠲᠠᠯ᠎ᠠ ᠪᠠᠷ ᠬᠢ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠲᠡᠷᠰᠯᠡᠵᠦ ᠪᠣᠯᠬᠤ ᠦᠭᠡᠢ᠂ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠠᠷᠪᠢᠯᠠᠨ ᠭᠠᠮᠨᠠᠬᠤ ᠶᠢ ᠡᠷᠬᠢᠮᠯᠡᠵᠦ᠂ ᠠᠯᠪᠠᠨ ᠤ ᠪᠠ ᠬᠤᠪᠢ ᠶᠢᠨ ᠵᠠᠭᠠᠭ ᠱᠤᠭᠤᠮ ᠢ ᠶᠠᠭᠠᠬᠢᠭᠰᠠᠨ ᠴᠤ | ᠬᠤᠳᠬᠤᠯᠳᠤᠭᠤᠯᠵᠤ ᠪᠣᠯᠬᠤ ᠦᠭᠡᠢ᠂ ᠶᠠᠭᠠᠬᠢᠭᠰᠠᠨ ᠴᠤ ᠵᠠᠪᠰᠢᠶᠠᠨ ᠲᠠᠯᠢᠮᠳᠠᠭᠤᠯᠬᠤ ᠶᠢ ᠪᠤᠳᠤᠵᠤ ᠪᠣᠯᠬᠤ ᠦᠭᠡᠢ᠂ ᠶᠠᠭᠠᠬᠢᠭᠰᠠᠨ ᠴᠤ ᠪᠠᠭ᠎ᠠ ᠵᠦᠢᠯ ᠳᠤ | ᠳᠤᠷᠠᠯᠠᠭᠠᠳ ᠶᠡᠭᠡ ᠠᠯᠳᠠᠰᠢ ᠭᠠᠷᠭᠠᠵᠤ ᠪᠣᠯᠬᠤ ᠦᠭᠡᠢ᠃ |