ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠭᠦ | ᠣᠷᠣᠨ ᠤ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠬᠢᠨ ᠢᠮᠠᠭᠲᠠ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ | ᠨᠡᠩ ᠪᠣᠳᠠᠲᠠᠢ ᠰᠤᠷᠲᠠᠯ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠰᠤᠷᠤᠯᠴᠠᠯᠭ᠎ᠠ | ᠬᠥᠮᠦᠵᠢᠯ ᠤᠨ ᠬᠠᠷᠠᠯᠲᠠ ᠡᠭᠦᠷᠭᠡ ᠶᠢ ᠣᠨᠣᠴᠠᠲᠠᠢ ᠡᠵᠡᠮᠳᠡᠵᠦ᠂ ᠰᠤᠷᠤᠯᠴᠠᠬᠤ ᠪᠠᠶᠢᠴᠠᠭᠠᠬᠤ ᠴᠡᠭᠴᠡᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠲᠠᠯ᠎ᠠ ᠪᠠᠷ | ᠲᠠᠭᠢᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠰᠤᠷᠤᠯᠴᠠᠬᠤ᠂ ᠴᠢᠩᠭ᠎ᠠ ᠬᠦᠴᠦᠲᠡᠢ ᠪᠠᠶᠢᠴᠠᠭᠠᠯᠲᠠ ᠬᠢᠬᠦ᠂ ᠦᠷ᠎ᠡ ᠪᠦᠳᠦᠮᠵᠢᠳᠡᠢ ᠴᠡᠭᠴᠡᠯᠡᠨ ᠵᠠᠰᠠᠬᠤ ᠶᠢ ᠦᠨᠡᠨ ᠬᠦ | ᠪᠠᠲᠤᠯᠠᠪᠠ᠃ | ᠥᠷᠭᠡᠨ ᠣᠯᠠᠨ ᠡᠪᠡᠳᠴᠢᠲᠡᠨ ᠳᠤ ᠨᠠᠩ ᠰᠠᠶᠢᠲᠤᠷ ᠦᠢᠯᠡᠴᠢᠯᠡᠵᠦ᠂ ᠡᠪᠡᠳᠴᠢᠨ ᠦᠵᠡᠭᠦᠯᠭᠦ ᠥᠩᠭᠡᠷᠡᠯᠲᠡ ᠶᠢ ᠳᠠᠭᠢᠨ ᠲᠠᠰ ᠳᠡᠪᠰᠢᠭᠦᠯᠬᠦ ᠶᠢᠨ ᠲᠥᠯᠥᠭᠡ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠭᠤᠳ ᠬᠠᠷᠢᠶ᠎ᠠ ᠬᠠᠷᠢᠶᠠᠲᠤ ᠡᠮᠨᠡᠯᠭᠡ ᠶᠢᠨ ᠬᠤᠷᠢᠶ᠎ᠠ ᠡᠮ ᠡᠮᠨᠡᠯᠭᠡ ᠶᠢᠨ ᠦᠢᠯᠡᠴᠢᠯᠡᠭᠡ ᠶᠢ | ᠣᠯᠠᠨ ᠲᠠᠯ᠎ᠠ ᠠᠴᠠ ᠰᠢᠯᠢᠳᠡᠭᠵᠢᠭᠦᠯᠪᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ︽1 | ᠲᠤᠰᠬᠠᠢ ᠲᠤᠰᠢᠶᠠᠯᠲᠤ ᠲᠣᠣᠷᠵᠢᠯ ᠤᠨ ᠠᠵᠢᠯᠲᠠᠨ + 1 ᠰᠠᠯᠠᠭ᠎ᠠ ᠲᠠᠰᠤᠭ ᠤᠨ ᠬᠤᠯᠪᠣᠭᠠᠴᠢᠨ︾ ᠬᠤᠣᠰ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ | ᠳᠦᠷᠢᠮ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠡᠭᠦᠳᠡᠨ ᠡᠮᠨᠡᠯᠭᠡ ᠶᠢᠨ ᠠᠰᠠᠷ ᠢ 7 ᠲᠣᠣᠷᠵᠢᠯ ᠤᠨ ᠨᠢᠭᠡᠴᠢ ᠪᠣᠯᠭᠠᠨ ᠬᠤᠪᠢᠶᠠᠵᠤ᠂ ᠡᠭᠦᠳᠡᠨ ᠡᠮᠨᠡᠯᠭᠡ ᠶᠢᠨ | ᠬᠠᠮᠢᠶᠠᠷᠤᠯᠲᠠ ︽ᠪᠦᠲᠦᠨ ᠨᠢᠭᠡ ᠬᠡᠰᠡᠭ ᠲᠣᠣᠷ︾ ᠪᠤᠯᠬᠤ ᠶᠢ ᠪᠡᠶᠡᠯᠡᠭᠦᠯᠵᠦ᠂ ᠡᠪᠡᠳᠴᠢᠲᠡᠨ ᠢ ᠬᠤᠪᠢᠶᠠᠨ ᠲᠠᠷᠬᠠᠭᠠᠵᠤ ᠬᠥᠲᠥᠯᠥᠨ ᠵᠢᠯᠤᠭᠤᠳᠬᠤ ᠶᠢ ᠰᠠᠶᠢᠲᠤᠷ | ᠭᠢᠪᠠ︔ ︽ᠬᠤᠪᠢᠶᠠᠷᠢ ᠲᠣᠭᠤᠷᠢᠭ︾ ᠤᠨ ᠳᠣᠲᠣᠷᠠᠬᠢ ᠡᠮᠴᠢ ᠶᠢᠨ ᠡᠪᠡᠳᠴᠢᠨ ᠦᠵᠡᠭᠰᠡᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ | ᠪᠠᠶᠢᠴᠠᠭᠠᠵᠤ᠂ ᠣᠷᠦ᠋ᠢᠲᠠᠵᠤ ᠢᠷᠡᠬᠦ ᠡᠷᠲᠡ ᠠᠵᠢᠯ ᠠᠴᠠ ᠪᠠᠨ ᠪᠠᠭᠤᠬᠤ ᠦᠵᠡᠭᠳᠡᠯ ᠢ ᠡᠷᠡᠰ ᠬᠤᠷᠢᠬᠯᠠᠪᠠ︔ ᠡᠭᠦᠳᠡᠨ ᠡᠮᠨᠡᠯᠭᠡ ᠶᠢᠨ ᠡᠯ᠎ᠡ ᠵᠦᠢᠯ ᠤᠨ | ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠪᠡᠳᠴᠢᠲᠡᠨ ᠢ ᠬᠠᠪᠰᠤᠷᠤᠨ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠪᠡ᠃ ᠡᠪᠡᠳᠴᠢᠲᠡᠨ ᠤ | ᠬᠡᠷᠡᠭᠴᠡᠭᠡ ᠪᠠᠷ ᠤᠳᠤᠷᠢᠳᠤᠮᠵᠢ ᠪᠣᠯᠭᠠᠨ ᠦᠢᠯᠡᠴᠢᠯᠡᠭᠡᠨ ᠤ ᠬᠠᠩᠭᠠᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠠᠷᠠᠳ ᠲᠤ ᠲᠥᠭᠦᠮ ᠦᠵᠡᠭᠦᠯᠭᠦ ᠡᠭᠦᠳᠡᠨ | ᠡᠮᠨᠡᠯᠭᠡ ᠳᠤ ᠡᠩ ᠤᠨ ᠡᠪᠡᠳᠴᠢᠨ ᠡᠮᠭᠡᠭ ᠵᠢᠴᠢ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ ᠲᠤ ᠵᠣᠷ ᠤᠨ ᠡᠮ ᠪᠢᠴᠢᠵᠦ ᠥᠭᠬᠦ ᠦᠢᠯᠡᠴᠢᠯᠡᠭᠡ ᠬᠠᠩᠭᠠᠪᠠ | ︔ ᠰᠦᠢᠳᠬᠡᠯ ᠬᠤᠷᠢᠶᠠᠬᠤ ᠦᠭᠡᠢ ᠪᠠᠷ ᠰᠢᠬᠦᠷ ᠲᠦᠷᠢᠶᠡᠰᠦᠯᠡᠨ ᠵᠢᠭᠡᠯᠡᠭᠦᠯᠬᠦ᠂ ᠬᠠᠮᠲᠤ ᠪᠠᠷ ᠡᠳ᠋ᠯᠡᠬᠦ ᠴᠡᠨᠡᠭ ᠬᠠᠳᠠᠭᠠᠯᠠᠭᠴᠢ᠂ ᠥᠪᠡᠰᠦᠪᠡᠨ ᠦᠢᠯᠡᠴᠢᠯᠡᠬᠦ ᠤᠭᠤᠲᠠ | ᠬᠤᠳᠠᠯᠳᠤᠨ ᠠᠪᠬᠤ ᠮᠠᠰᠢᠨ ᠵᠢᠴᠢ ᠡᠮ ᠤᠨ ᠰᠠᠭᠰᠤ ᠲᠣᠬᠢᠷᠠᠭᠤᠯᠵᠤ᠂ ᠬᠠᠮᠲᠤ ᠪᠠᠷ ᠡᠳ᠋ᠯᠡᠬᠦ ᠬᠦᠷᠳᠦᠲᠦ ᠰᠠᠨᠳᠠᠯᠢ ᠶᠢ 180 ᠪᠣᠯᠭᠠᠨ ᠨᠡᠮᠡᠭᠳᠡᠭᠦᠯᠪᠡ︔ ᠰᠢᠨ᠎ᠡ | ᠭᠡᠯᠪᠡᠷᠢ ᠶᠢᠨ ᠠᠦ᠋ᠲ᠋ᠣ᠋ ᠮᠠᠰᠢᠨ 20 ᠶᠢ ᠰᠣᠯᠢᠵᠤ᠂ ᠲᠤᠬᠠᠢ ᠶᠢᠨ ᠲᠠᠯᠠᠪᠤᠷ ᠲᠤ ᠨᠣᠮᠧᠷ ᠠᠪᠬᠤ᠂ ᠴᠢᠰᠤ ᠠᠪᠬᠤ ᠳ᠋ᠤᠭᠠᠷ ᠳᠠᠭᠤᠳᠠᠬᠤ᠂ ᠡᠪᠡᠳᠴᠢᠨ ᠤ ᠲᠡᠦᠬᠡ ᠶᠢᠨ | ᠡᠯᠧᠺᠳ᠋ᠷᠣᠨ ᠬᠡᠪ ᠢ ᠪᠠᠶᠢᠴᠠᠭᠠᠨ ᠯᠠᠪᠯᠠᠵᠤ ᠳᠠᠷᠤᠮᠠᠯᠯᠠᠬᠤ ᠵᠡᠷᠭᠡ ᠣᠯᠠᠨ ᠵᠦᠢᠯ ᠤᠨ ᠴᠢᠳᠠᠮᠵᠢ ᠶᠢ ᠨᠡᠮᠡᠭᠳᠡᠭᠦᠯᠵᠦ᠂ ᠡᠪᠡᠳᠴᠢᠨ ᠦᠵᠡᠭᠦᠯᠭᠦ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ︽ᠠᠰᠠᠷᠠᠭᠴᠢ | ᠰᠤᠪᠢᠯᠠᠭᠴᠢ ᠦᠭᠡᠢ ᠡᠪᠡᠳᠴᠢᠲᠡᠨ ᠤ ᠥᠷᠥᠭᠡ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠲᠤᠰᠬᠠᠢ ᠡᠮᠴᠢᠯᠡᠵᠦ ᠰᠤᠪᠢᠯᠠᠬᠤ | ᠪᠦᠯᠭᠦᠮ ᠢ ᠵᠣᠬᠢᠶᠠᠨ ᠪᠠᠶᠢᠭᠤᠯᠵᠤ᠂ ᠲᠥᠷᠥᠯ ᠰᠠᠳᠤᠨ ᠨᠢ ᠡᠮᠨᠡᠯᠭᠡ ᠳᠤ ᠠᠰᠠᠷᠠᠵᠤ ᠰᠠᠭᠤᠵᠤ ᠳᠡᠶᠢᠯᠭᠦ ᠦᠭᠡᠢ ᠡᠪᠡᠳᠴᠢᠲᠡᠨ ᠳᠤ 24 ᠴᠠᠭ ᠤᠨ ᠪᠦᠭᠦ ᠲᠠᠯ᠎ᠠ ᠶᠢᠨ | ᠦᠢᠯᠡᠴᠢᠯᠡᠭᠡ ᠬᠠᠩᠭᠠᠵᠤ᠂ ᠡᠳᠦᠷ ᠲᠤᠲᠤᠮ ᠤᠨ ᠠᠮᠢᠳᠤᠷᠠᠯ ᠤᠨ ᠬᠠᠷᠠᠭᠠᠯᠵᠠᠯ ᠦᠵᠡᠭᠦᠯᠭᠦ ᠠᠴᠠ ᠠᠪᠤᠭᠠᠳ ᠲᠤᠰᠬᠠᠢ ᠡᠮᠴᠢᠯᠡᠵᠦ ᠰᠤᠪᠢᠯᠠᠬᠤ ᠭᠦᠷᠲᠡᠯ᠎ᠡ᠂ | ᠭᠤᠭᠴᠤᠭ᠎ᠠ ᠨᠢᠭᠡᠪᠦᠷᠢ ᠨᠢ ᠴᠥᠮ ᠴᠢᠩᠭ᠎ᠠ ᠨᠢᠮᠪᠠᠢ ᠪᠥᠭᠡᠳ ᠬᠠᠯᠠᠭᠤᠨ ᠳᠤᠯᠠᠭᠠᠨ ᠢ ᠮᠡᠳᠡᠷᠡᠭᠦᠯᠵᠦ᠂ ᠦᠨᠡᠨ ᠬᠦ ᠡᠪᠡᠳᠴᠢᠲᠡᠨ ᠤ ︽ᠳᠠᠷᠤᠭᠠᠰᠤ ᠶᠢ | ᠬᠥᠩᠭᠡᠷᠡᠭᠦᠯᠪᠡ︾᠃ | ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ︽ᠵᠠᠭᠠᠭ ᠬᠢᠵᠠᠭᠠᠷ ᠢ ᠲᠣᠳᠣᠷᠬᠠᠶᠢᠯᠠᠵᠤ᠂ ᠵᠢᠷᠤᠮᠵᠢᠭᠤᠯᠤᠨ ᠠᠵᠢᠯᠯᠠᠭᠤᠯᠬᠤ︾ | ᠵᠠᠷᠴᠢᠮ ᠶᠣᠰᠣᠭᠠᠷ ᠡᠯ᠎ᠡ ᠡᠷᠬᠡ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠲᠣᠳᠣᠷᠬᠠᠶᠢᠯᠠᠵᠤ᠂ ᠦᠨᠳᠦᠰᠦᠨ | ᠱᠠᠲᠤ ᠶᠢ ᠰᠠᠨᠠᠭ᠎ᠠ ᠠᠮᠤᠷ ᠵᠣᠷᠢᠭᠲᠠᠢ ᠪᠠᠷ ᠠᠵᠢᠯ ᠢᠶᠠᠨ ᠥᠷᠨᠢᠭᠦᠯᠬᠦ ᠪᠣᠯᠭᠠᠪᠠ᠃ ︽ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ | ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠳᠠᠩᠰᠠ︾᠂ ︽ᠥᠪᠥᠷ ᠮᠣᠩᠭᠤᠯ ᠤᠨ ᠣᠶ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ ᠤᠨ ᠡᠷᠬᠡ ᠣᠯᠭᠤᠵᠤ ᠡᠷᠬᠡ ᠶᠢ ᠲᠠᠯᠪᠢᠬᠤ ᠨᠠᠷᠢᠨ ᠳᠠᠩᠰᠠ︾᠂ ︽ᠥᠪᠥᠷ ᠮᠣᠩᠭᠤᠯ ᠤᠨ ᠣᠶ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ ᠤᠨ ︿ᠭᠤᠷᠪᠠ ᠶᠢ ᠴᠥᠭᠡᠳᠬᠡᠬᠦ﹀ ᠨᠠᠷᠢᠨ ᠳᠠᠩᠰᠠ︾ ᠶᠢ ᠲᠣᠭᠲᠠᠭᠠᠨ ᠪᠠᠭᠤᠯᠭᠠᠵᠤ᠂ ᠪᠦᠯᠦᠭᠯᠡᠯ ᠤᠨ ᠶᠡᠷᠦᠩᠬᠡᠢ ᠬᠡᠯᠲᠡᠰ ᠤᠨ 218 | ᠵᠦᠢᠯ ᠤᠨ ᠭᠤᠣᠯ ᠡᠷᠬᠡᠲᠦ ᠵᠦᠢᠯᠡᠰ ᠲᠤ ᠴᠢᠭᠯᠡᠭᠦᠯᠦᠨ᠂ ᠡᠷᠬᠡ ᠶᠢ ᠲᠠᠯᠪᠢᠵᠤ ᠡᠷᠬᠡ ᠣᠯᠭᠤᠨ᠂ 88 ᠵᠦᠢᠯ ᠤᠨ ᠳᠡᠰ ᠳᠠᠷᠠᠭᠠᠯᠠᠯ ᠢ ᠳᠥᠭᠦᠮᠴᠢᠯᠡᠵᠦ᠂ | ᠰᠢᠰᠲ᠋ᠧᠮᠵᠢᠭᠦᠯᠤᠯᠲᠡ᠂ ᠨᠢᠭᠡ ᠴᠣᠬᠴᠠᠵᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠬᠢᠨᠠᠨ ᠪᠤᠳᠤᠬᠤ | ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ 3 ᠬᠢᠨᠠᠨ ᠪᠤᠳᠤᠬᠤ ᠲᠥᠪ ᠪᠠᠶᠢᠭᠤᠯᠵᠤ᠂ ᠳᠣᠲᠣᠭᠠᠳᠤ ᠶᠢᠨ ᠬᠢᠨᠠᠯᠲᠠ ᠶᠢ ︽ᠠᠳᠠᠯᠢ ᠱᠠᠲᠤᠨ ᠤ | ᠬᠢᠨᠠᠯᠲᠠ︾ ᠠᠴᠠ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠬᠢᠨᠠᠬᠤ︾᠂ ︽ᠣᠨᠳᠣᠣ ᠭᠠᠵᠠᠷ ᠤᠨ ᠬᠢᠨᠠᠯᠲᠠ︾ ᠲᠡᠶᠢᠰᠢ ᠰᠢᠯᠵᠢᠭᠦᠯᠬᠦ ᠬᠤᠪᠢᠷᠠᠯᠲᠠ ᠶᠢ | ᠪᠡᠶᠡᠯᠡᠭᠦᠯᠪᠡ᠃ ᠴᠠᠯᠢᠩ ᠬᠥᠯᠥᠰᠦ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠪᠦᠭᠦ | ᠴᠠᠯᠢᠩ ᠳᠠᠬᠢ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠰᠠᠷ᠎ᠠ ᠶᠢᠨ ᠠᠵᠢᠯ ᠤᠨ ᠠᠮᠵᠢᠯᠲᠠ ᠪᠦᠲᠦᠮᠵᠢ ᠪᠣᠯᠭᠠᠨ | ᠬᠤᠪᠢᠷᠠᠭᠤᠯᠵᠤ᠂ ︽ᠮᠠᠩᠵᠠᠨ ᠲᠣᠭᠤᠭᠠᠨ ᠠᠴᠠ ᠪᠤᠳᠠᠭ᠎ᠠ ᠢᠳᠡᠬᠦ︾ ᠪᠠᠶᠢᠳᠠᠯ ᠢ ᠲᠦᠢᠯᠪᠤᠷᠢᠲᠠᠢ ᠬᠤᠪᠢᠷᠠᠭᠤᠯᠪᠠ᠃ ᠡᠵᠡᠩᠨᠡᠯᠲᠡ ᠶᠢᠨ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ | ᠂ ᠠᠵᠢᠯ ᠤᠨ ᠠᠮᠵᠢᠯᠲᠠ ᠪᠦᠲᠦᠮᠵᠢ ᠶᠢ ᠲᠣᠪᠤᠶᠢᠯᠭᠠᠬᠤ᠂ ᠦᠷ᠎ᠡ ᠠᠰᠢᠭ ᠢ ᠲᠤᠪᠤᠶᠢᠯᠭᠠᠵᠤ᠂ ᠬᠢᠨᠠᠨ ᠪᠠᠶᠢᠴᠠᠭᠠᠵᠤ ᠪᠤᠯᠬᠤ᠂ ᠬᠡᠮᠵᠢᠶᠡᠵᠢᠭᠦᠯᠵᠦ ᠪᠤᠯᠬᠤ᠂ ᠬᠡᠮᠵᠢᠵᠦ | ᠪᠤᠯᠬᠤ᠂ ᠬᠢᠨᠠᠨ ᠪᠤᠳᠤᠵᠤ ᠪᠤᠯᠬᠤ ᠶᠢ ᠪᠡᠶᠡᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠᠷ ᠦᠨᠳᠦᠰᠦᠨ ᠱᠠᠲᠤ ᠶᠢ ᠭᠡᠳᠡᠷᠭᠦ | ᠰᠢᠬᠠᠮᠳᠠᠭᠤᠯᠤᠨ ᠥᠭᠡᠷᠡᠴᠢᠯᠡᠯᠲᠡ ᠭᠢᠯᠭᠡᠵᠦ᠂ ᠬᠠᠮᠢᠶᠠᠷᠤᠯᠲᠠ ᠶᠢ ᠠᠳᠬᠤᠵᠤ᠂ ᠨᠠᠷᠢᠨ ᠲᠠᠩᠰᠠ ᠪᠤᠳᠤᠵᠤ᠂ ᠠᠵᠤ ᠦᠢᠯᠡᠰ ᠢ ᠤᠬᠠᠭᠠᠯᠠᠨ ᠲᠥᠯᠥᠪᠵᠢᠭᠦᠯᠪᠡ᠃ ︽ | ᠯᠢᠨ ᠬᠠᠢ ᠠᠵᠢᠯᠲᠠᠨ ᠠᠵᠢᠯᠴᠢᠨ ᠳᠤ ᠠᠰᠢᠭ ᠬᠦᠷᠲᠡᠭᠡᠬᠦ︾ ᠣᠶᠤᠨᠴᠢ ᠲᠠᠪᠴᠠᠩ ᠢ ᠨᠡᠭᠡᠭᠡᠨ ᠠᠵᠢᠯᠯᠠᠭᠤᠯᠵᠤ᠂ ᠦᠢᠯᠡᠴᠢᠯᠡᠭᠡ ᠶᠢ ᠥᠷᠭᠡᠨ ᠣᠯᠠᠨ ᠠᠵᠢᠯᠲᠠᠨ | ᠠᠵᠢᠯᠴᠢᠨ ᠲᠦᠮᠡᠨ ᠳᠤ ᠰᠢᠭᠤᠳ ᠬᠦᠷᠭᠡᠬᠦ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠪᠡ᠃ ᠣᠳᠣᠬᠠᠨ ᠳᠤ᠂ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠲᠥᠷᠥᠯ ᠵᠦᠢᠯ ᠢ ᠨᠢᠭᠡᠨᠲᠡ 7 ᠬᠤᠭᠤᠴᠠᠭ᠎ᠠ ᠥᠷᠨᠢᠭᠦᠯᠵᠦ᠂ 867 ᠬᠥᠮᠥᠨ ᠡᠮ ᠡᠮᠨᠡᠯᠭᠡ ᠶᠢᠨ | ᠬᠠᠷᠢᠯᠴᠠᠨ ᠲᠤᠰᠠᠯᠠᠯᠴᠠᠬᠤ ᠲᠦᠷᠦᠯ ᠵᠦᠢᠯ ᠢᠶᠠᠷ ᠭᠤᠶᠤᠴᠢᠯᠠᠨ ᠣᠯᠣᠭᠰᠠᠨ ᠵᠣᠭᠤᠰ ᠨᠡᠶᠢᠲᠡ 115 ᠲᠦᠮᠡ ᠭᠠᠷᠤᠢ ᠲᠥᠭᠦᠷᠢᠭ ᠲᠤ ᠬᠦᠷᠴᠡᠢ᠃ |