ᠭᠡᠭᠡᠨ ᠭᠤᠣᠯ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/27
    6 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠦᠨ ᠯᠸᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠢᠨᠲᠠᠷᠠᠰᠢ ᠥᠬᠡᠶ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠦᠨ ᠳᠠᠭᠠᠭᠤᠯᠬᠤ︾ ᠵᠣᠷᠢᠭ ᠰᠠᠨᠠᠭ᠎ᠠ᠂ ︽︿ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠬᠤ ᠶᠢ ᠨᠠᠶᠢᠲᠠᠪᠤᠷᠢᠵᠢᠭᠤᠯᠵᠦ ᠪᠦᠷᠢᠯᠭᠡᠬᠦ ᠶᠢ ᠡᠰᠡᠷᠭᠦᠴᠡᠬᠦ ᠲᠦᠷᠢᠮ﹀ ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠪᠦᠬᠦ ᠬᠤᠳᠠ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠡᠷᠡᠰ ᠨᠢᠭᠡᠳᠬᠡᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠵᠦ᠂ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠠᠰᠠᠭᠤᠳᠠᠯ ᠢ ᠪᠠᠶᠢᠴᠠᠭᠠᠬᠤ᠂ ᠬᠠᠲᠠᠭᠤ ᠲᠠᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠬᠥᠳᠡᠯᠦᠩᠭᠦᠢ ᠪᠠᠷ ᠠᠬᠢᠭᠤᠯᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠤᠷᠳᠤ ᠬᠤᠭᠤᠴᠠᠭ᠎ᠠ ᠪᠠᠷ ᠵᠠᠰᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠭᠠᠵᠠᠷ ᠤᠨ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠪᠡᠶ᠎ᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ︽ᠬᠥᠮᠦᠵᠢᠭᠦᠯᠬᠦ᠂ ᠲᠦᠷᠢᠮ᠂ ᠵᠠᠯᠬᠠᠭᠠᠨ ᠴᠡᠭᠡᠷᠯᠡᠭᠦᠯᠬᠦ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠤᠰ ᠪᠡᠶ᠎ᠡ ᠶᠢᠨ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠴᠥᠬᠦᠷᠡᠰᠢ ᠦᠭᠡᠢ ᠪᠠᠶᠢᠩᠭᠤ ᠠᠳᠬᠤᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠨᠠᠮ ᠤᠨ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠠᠳᠬᠤᠵᠤ ᠪᠠᠶᠢᠩᠭᠤ ᠰᠢᠨᠡᠴᠢᠯᠡᠬᠦ᠂ ᠤᠷᠳᠤ ᠬᠤᠭᠤᠴᠠᠭ᠎ᠠ ᠪᠠᠷ ᠴᠢᠷᠮᠠᠶᠢᠬᠤ ᠶᠢ ᠪᠠᠲᠤᠯᠠᠬᠤ ᠬᠡᠷᠡᠭᠲᠡᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ