︽ᠡᠨᠡ ᠬᠦ ᠶᠠᠳᠠᠭᠤ ᠡᠷᠦᠬᠡ ᠶᠢ ᠳᠠᠷᠠᠭᠠᠴᠢ ᠶᠢᠨ ᠠᠯᠬᠤᠮ ᠢᠶᠠᠷ ᠶᠠᠮᠠᠷ ᠠᠷᠭ᠎ᠠ ᠬᠡᠮᠵᠢᠶ᠎ᠡ ᠠᠪᠬᠤ ᠭᠡᠵᠦ ᠪᠠᠶᠢᠬᠤ ᠪᠤᠢ︖ ᠡᠶᠢᠮᠦᠷᠬᠦᠦ ᠪᠠᠶᠢᠳᠠᠯ ᠲᠣᠰ | ᠰᠢᠶᠠᠨ ᠳᠤ ᠪᠠᠰᠠ ᠬᠡᠳᠦᠢ ᠪᠠᠶᠢᠬᠤ ᠪᠤᠢ︖︾ ᠭᠡᠵᠦ ᠠᠰᠠᠭᠤᠪᠠ᠃ | ︽ᠲᠡᠳᠡᠨ ᠤ ᠬᠢᠨ ᠭᠤᠣᠯᠳᠠᠭᠤ ︿ᠭᠤᠷᠪᠠ ᠶᠢ ᠪᠠᠲᠤᠯᠠᠬᠤ﹀ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠵᠤ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ | ᠪᠠᠷᠤᠭᠲᠠᠢ ᠪᠣᠯᠬᠤᠷ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠠᠷᠭ᠎ᠠ ᠬᠡᠷᠡᠭᠯᠡᠬᠦ ᠪᠠᠷ ᠪᠠᠶᠢᠨ᠎ᠠ᠃ ᠡᠨᠡ ᠬᠦ ᠪᠠᠶᠢᠳᠠᠯ ᠪᠦᠬᠦ ᠰᠢᠶᠠᠨ ᠳᠤ ᠪᠠᠰᠠ 115 | ᠪᠠᠶᠢᠭᠠᠯᠢ ᠶᠢᠨ ᠠᠶᠢᠯ ᠲᠣᠰᠬᠤᠨ᠂ 3537 ᠬᠥᠮᠥᠨ ᠪᠠᠶᠢᠨ᠎ᠠ︾᠃ | 2017 ᠣᠨ ᠤ 6 ᠳ᠋ᠤᠭᠠᠷ ᠰᠠᠷ᠎ᠠ ᠶᠢᠨ 21 ᠤ ᠡᠳᠦᠷ᠂ ᠵᠤᠨ ᠤ ᠲᠦᠢᠯ᠃ ᠲᠤᠰ ᠡᠳᠦᠷ ᠤᠨ ᠦᠳᠡ ᠶᠢᠨ ᠬᠤᠶᠢᠨ᠎ᠠ᠂ ᠱᠠᠨ ᠰᠢ ᠶᠢᠨ ᠺᠧ ᠯᠠᠨ ᠰᠢᠶᠠᠨ ᠤ | ᠵᠤᠤ ᠵᠢᠶᠠ ᠸᠠ ᠲᠣᠰᠬᠤᠨ ᠤ ᠠᠷᠠᠳ ᠯᠢᠦ ᠹᠦ᠋ ᠶᠢᠦ ᠶᠢᠨ ᠭᠡᠷ ᠲᠤ ᠨᠢᠭᠡ ᠤᠳᠠᠭ᠎ᠠ ᠶᠢᠨ ᠶᠠᠷᠢᠯᠴᠠᠭ᠎ᠠ ᠶᠠᠪᠤᠭᠳᠠᠪᠠ᠃ ᠲᠤᠬᠠᠢ ᠶᠢᠨ ᠭᠠᠵᠠᠷ ᠤᠨ ᠺᠠᠳ᠋ᠷᠴᠤᠳ ᠠᠴᠠ | ᠠᠰᠠᠭᠤᠵᠤ ᠪᠠᠶᠢᠭᠰᠠᠨ ᠬᠥᠮᠥᠨ ᠪᠣᠯ ᠶᠠᠭ ᠶᠡᠷᠦᠩᠬᠡᠢ ᠱᠦᠵᠢ ᠰᠢ ᠶᠢᠨ ᠫᠢᠩ ᠪᠣᠯᠣᠨ᠎ᠠ᠃ | ᠡᠨᠡ ᠤᠳᠠᠭ᠎ᠠ ᠶᠢᠨ ᠯᠢᠦᠢ ᠯᠢᠶᠠᠩ ᠳᠠᠬᠢ ᠠᠶᠢᠯᠴᠢᠯᠠᠯᠲᠠ ᠪᠠᠨ ᠶᠡᠷᠦᠩᠬᠡᠢ ᠱᠦᠵᠢ ᠪᠣᠯᠵᠤᠭ᠎ᠠ ᠶᠣᠰᠣᠭᠠᠷ ᠬᠢᠭᠰᠡᠨ ᠪᠠᠶᠢᠯ᠎ᠠ᠃ | ᠭᠤᠷᠪᠠᠨ ᠰᠠᠷ᠎ᠠ ᠭᠠᠷᠤᠢ ᠶᠢᠨ ᠡᠮᠦᠨ᠎ᠡ᠂ ᠲᠡᠷᠡ 2017 ᠣᠨ ᠤ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠬᠤ ᠳᠤ ᠪᠠᠨ᠄ ︽ᠪᠦᠬᠦ ᠤᠯᠤᠰ ᠤᠨ | ᠲᠥᠪᠯᠡᠷᠡᠨ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ᠂ ᠪᠢ ᠣᠯᠠᠩᠬᠢ ᠳᠤ ᠨᠢ ᠪᠦᠷ ᠣᠴᠢᠵᠤ ᠥᠩᠭᠡᠷᠡᠵᠡᠢ᠂ ᠣᠴᠢᠵᠤ ᠥᠩᠭᠡᠷᠡᠭᠰᠡᠨ | ᠦᠭᠡᠢ ᠯᠢᠦᠢ ᠯᠢᠶᠠᠩ ᠪᠠ ᠯᠢᠶᠠᠩᠱᠠᠨ ᠠᠭᠤᠯᠠᠨ ᠳᠤ ᠠᠯᠢ ᠲᠦᠷᠭᠡᠨ ᠢᠶᠠᠷ ᠣᠴᠢᠨ᠎ᠠ︾ ᠭᠡᠵᠦ ᠬᠡᠯᠡᠪᠡ᠃ | | | | 2017 ᠣᠨ ᠤ 6 ᠳ᠋ᠤᠭᠠᠷ ᠰᠠᠷ᠎ᠠ ᠶᠢᠨ 21 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠱᠠᠨ ᠰᠢ ᠶᠢᠨ ᠺᠧ ᠯᠠᠨ ᠰᠢᠶᠠᠨ ᠤ ᠵᠤᠤ ᠵᠢᠶᠠ ᠸᠠ | ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠢ ᠲᠣᠰᠬᠤᠨ ᠤ ᠠᠷᠠᠳ ᠼᠤᠤ ᠯᠢᠦ ᠷᠧᠨ ᠢ ᠪᠣᠯᠭᠤᠭᠠᠨ ᠦᠵᠡᠪᠡ᠃ | ᠵᠤᠤ ᠵᠢᠶᠠ ᠸᠠ ᠲᠣᠰᠬᠤᠨ ᠯᠢᠦᠢ ᠯᠢᠶᠠᠩ ᠠᠭᠤᠯᠠᠨ ᠤ ᠭᠦᠨ ᠳᠤ ᠪᠠᠶᠢᠷᠢᠯᠠᠵᠤ᠂ ᠬᠥᠷᠥᠰᠥ ᠰᠢᠷᠣᠢ ᠲᠠᠴᠢᠷ ᠨᠢᠮᠭᠡᠨ᠂ ᠠᠮᠢᠳᠤᠷᠠᠬᠤ ᠣᠷᠴᠢᠨ ᠨᠥᠬᠦᠴᠡᠯ ᠮᠠᠰᠢ | ᠮᠠᠭᠤ ᠪᠠᠶᠢᠪᠠ᠃ | ᠡᠶᠢᠮᠦᠷᠬᠦᠦ ︽ᠨᠢᠭᠡ ᠭᠠᠵᠠᠷ ᠤᠨ ᠤᠰᠤ ᠬᠥᠷᠥᠰᠥ ᠨᠢ ᠨᠢᠭᠡ ᠭᠠᠵᠠᠷ ᠤᠨ ᠬᠥᠮᠥᠨ ᠢᠶᠠᠨ ᠰᠠᠶᠢᠲᠤᠷ ᠲᠡᠵᠢᠭᠡᠵᠦ ᠳᠡᠶᠢᠯᠬᠦ ᠦᠭᠡᠢ︾ ᠪᠠᠶᠢᠳᠠᠭ ᠭᠠᠵᠠᠷ | ᠣᠷᠣᠨ ᠠᠴᠠ ᠪᠦᠬᠦ ᠲᠣᠰᠬᠤᠨ ᠢᠶᠠᠷ ᠨᠢ ᠨᠡᠭᠦᠯᠭᠡᠬᠦ ᠳᠤ᠂ ᠬᠠᠮᠢᠭᠠᠰᠢ ᠪᠠᠨ ᠨᠡᠭᠦᠯᠭᠡᠬᠦ᠂ ᠵᠣᠭᠤᠰ ᠢ ᠬᠠᠮᠢᠭ᠎ᠠ ᠠᠴᠠ ᠴᠤᠭᠯᠠᠭᠤᠯᠬᠤ᠂ ᠰᠢᠯᠵᠢᠭᠦᠯᠬᠦ ᠭᠠᠵᠠᠷ ᠢ ᠨᠢ | ᠬᠠᠮᠢᠭ᠎ᠠ ᠲᠣᠬᠢᠷᠠᠭᠤᠯᠬᠤ᠂ ᠭᠡᠷ ᠪᠠᠶᠢᠰᠢᠩ ᠢ ᠬᠡᠷᠬᠢᠨ ᠪᠠᠷᠢᠬᠤ᠂ ᠣᠷᠣᠯᠭ᠎ᠠ ᠶᠢ ᠨᠢ ᠬᠡᠷᠬᠢᠨ ᠨᠡᠮᠡᠭᠳᠡᠭᠦᠯᠬᠦ᠂ ᠠᠮᠢ ᠠᠬᠤᠢ ᠶᠢ ᠬᠡᠷᠬᠢᠨ ᠬᠠᠮᠠᠭᠠᠯᠠᠬᠤ᠂ ᠰᠢᠨ᠎ᠡ | ᠲᠣᠰᠬᠤᠨ ᠢ ᠬᠡᠷᠬᠢᠨ ᠬᠠᠮᠢᠶᠠᠷᠬᠤ ᠵᠡᠷᠭᠡ ᠠᠯᠢ ᠤᠯᠠᠨ ᠪᠣᠳᠠᠲᠠᠢ ᠠᠰᠠᠭᠤᠳᠠᠯ ᠨᠢ ᠴᠥᠮ ᠶᠡᠷᠦᠩᠬᠡᠢ ᠱᠦᠵᠢ ᠶᠢᠨ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠪᠣᠯᠣᠨ᠎ᠠ᠃ | | ᠲᠤᠬᠠᠢ ᠶᠢᠨ ᠡᠳᠦᠷ ᠤᠨ ᠣᠷᠣᠢ᠂ ᠶᠡᠷᠦᠩᠬᠡᠢ ᠱᠦᠵᠢ ᠪᠣᠷᠣᠭᠠᠨ ᠤ ᠳᠤᠮᠳᠠ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠᠷ ᠨᠢᠭᠡᠨᠲᠡ ᠪᠠᠷᠢᠭᠰᠠᠨ | ᠲᠥᠪᠯᠡᠷᠡᠭᠦᠯᠦᠨ ᠲᠥᠪᠬᠢᠨᠡᠭᠦᠯᠬᠦ ᠭᠠᠵᠠᠷ — ᠱᠠᠨ ᠰᠢ ᠶᠢᠨ ᠺᠧ ᠯᠠᠨ ᠰᠢᠶᠠᠨ ᠤ ᠰᠦᠩ ᠵᠢᠶᠠ ᠭᠧᠦ ᠰᠢᠨ᠎ᠡ ᠲᠣᠰᠬᠤᠨ ᠳᠤ ᠬᠦᠷᠴᠦ ᠢᠷᠡᠪᠡ᠃ | ᠬᠠᠷᠠᠭ᠎ᠠ ᠲᠣᠰᠣᠭᠰᠠᠨ ᠭᠠᠵᠠᠷ᠂ ᠠᠯᠢ ᠣᠯᠠᠨ ᠬᠥᠬᠡᠷᠡᠭᠰᠡᠨ ᠪᠠᠷᠢᠯᠭ᠎ᠠ ᠨᠤᠭᠤᠳ ᠵᠢᠭᠳᠡᠷᠡᠨ ᠲᠠᠷᠬᠠᠵᠤ᠂ ᠪᠦᠬᠦ᠋ᠢᠯᠡ ᠲᠣᠰᠬᠤᠨ ᠢᠶᠠᠷ ᠢᠶᠠᠨ ᠣᠨ ᠵᠢᠯ | ᠤᠳᠠᠭᠰᠠᠨ ᠪᠣᠷᠣᠭᠵᠢᠭᠤᠨ ᠪᠠᠶᠢᠳᠠᠯ ᠲᠠᠢ ᠪᠥᠭᠡᠳ ᠨᠠᠮ ᠵᠢᠮ ᠪᠠᠶᠢᠪᠠ᠃ ᠠᠳᠡ ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠰᠣᠶᠣᠯ ᠤᠨ ᠲᠠᠯᠠᠪᠠᠶ ᠵᠡᠷᠭᠡ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠦᠷᠢᠨ ᠲᠥᠬᠦᠷ ᠪᠠᠶᠢᠨ᠎ᠠ︔ ᠴᠠᠷᠳᠠᠮᠠᠯ ᠵᠠᠮ᠂ ᠲᠦᠭᠡᠭᠡᠯ ᠤᠰᠤ᠂ ᠥᠷᠭᠡᠨ ᠪᠦᠰᠡᠲᠦ ᠰᠦᠯᠵᠢᠶ᠎ᠡ ᠵᠡᠷᠭᠡ | ᠰᠠᠭᠤᠷᠢ ᠪᠡᠯᠡᠳᠬᠡᠮᠵᠢ ᠨᠡᠯᠢᠶᠡᠳ ᠪᠦᠷᠢᠨ ᠭᠦᠢᠴᠡᠳ ᠪᠠᠶᠢᠨ᠎ᠠ᠃ | ᠰᠦᠩ ᠵᠢᠶᠠ ᠭᠧᠦ ᠰᠢᠨ᠎ᠡ ᠲᠣᠰᠬᠤᠨ ᠤ ᠰᠠᠶᠢᠬᠠᠨ ᠦᠵᠡᠮᠵᠢ ᠨᠢ ᠵᠤᠤ ᠵᠢᠶᠠ ᠸᠠ ᠲᠣᠰᠬᠤᠨ ᠤ ᠬᠠᠭᠤᠴᠢᠨ ᠲᠥᠷᠬᠦ ᠲᠠᠢ ᠢᠯᠡ ᠲᠣᠳᠣ ᠬᠠᠷᠢᠴᠠᠭᠤᠯᠤᠯ | ᠪᠣᠯᠤᠭᠰᠠᠨ ᠪᠠᠶᠢᠨ᠎ᠠ᠃ | ᠰᠢᠨ᠎ᠡ ᠰᠠᠭᠤᠴᠠ ᠳᠤ ᠨᠡᠭᠦᠵᠦ ᠣᠷᠣᠭᠰᠠᠨ ᠶᠠᠳᠠᠭᠤ ᠬᠦᠴᠢᠷᠳᠡᠯᠲᠡᠢ ᠡᠷᠦᠬᠡ ᠵᠠᠩ ᠬᠦᠢ ᠮᠢᠩ ᠤᠨ ᠭᠡᠷ ᠲᠤ᠂ ᠶᠡᠷᠦᠩᠬᠡᠢ ᠱᠦᠵᠢ ᠥᠷᠥᠭᠡ ᠳᠠᠷᠠᠭᠠᠯᠠᠨ | ᠪᠠᠶᠢᠴᠠᠭᠠᠨ ᠦᠵᠡᠬᠦ ᠳᠤ ᠪᠠᠨ᠄ ︽ᠡᠨᠡ ᠪᠣᠯ ᠤᠨᠲᠠᠬᠤ ᠦᠷᠦᠭᠡ᠂ ᠳᠣᠲᠣᠷ᠎ᠠ ᠨᠢ ᠪᠠᠰᠠ ᠵᠣᠷᠯᠣᠩ ᠲᠠᠢ᠂ ᠤᠰᠤ ᠰᠦᠷᠴᠢᠬᠦ ᠵᠣᠷᠯᠣᠩ ᠤᠨ ᠰᠠᠭᠤᠯᠲᠠᠭᠤᠷ | ᠬᠡᠷᠡᠭᠯᠡᠭᠰᠡᠨ ᠪᠠᠶᠢᠨ᠎ᠠ︾ ᠭᠡᠪᠡ᠃ ᠲᠡᠷᠡ ᠲᠤᠬᠠᠢ ᠶᠢᠨ ᠭᠠᠵᠠᠷ ᠤᠨ ᠺᠠᠳ᠋ᠷᠴᠤᠳ ᠲᠤ᠂ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠪᠣᠯ ᠨᠢᠭᠡᠳᠦᠭᠡᠷ ᠠᠯᠬᠤᠮ | ᠮᠥᠨ᠂ ᠪᠠᠰᠠ ᠣᠯᠠᠨ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠨᠡᠭᠦᠯᠭᠡᠵᠦ ᠳᠡᠶᠢᠯᠬᠦ᠂ | ᠲᠣᠭᠲᠠᠭᠤᠨ ᠪᠠᠶᠢᠯᠭᠠᠵᠤ ᠳᠡᠶᠢᠯᠬᠦ᠂ ᠠᠯᠬᠤᠮ ᠠᠯᠬᠤᠮ ᠢᠶᠠᠷ ᠪᠠᠶᠠᠵᠢᠭᠤᠯᠵᠤ ᠳᠡᠶᠢᠯᠬᠦ ᠪᠣᠯᠭᠠᠵᠤ᠂ ᠦᠨᠡᠨ ᠬᠦ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠬᠡᠷᠡᠭᠲᠡᠢ | ᠭᠡᠵᠦ ᠵᠠᠬᠢᠪᠠ᠃ | ᠶᠡᠷᠦᠩᠬᠡᠢ ᠱᠦᠵᠢ ᠰᠢ ᠶᠢᠨ ᠫᠢᠩ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠶᠢ ᠠᠩᠬᠠᠷᠤᠭᠰᠠᠭᠠᠷ ᠢᠷᠡᠵᠡᠶ᠃ | ᠲᠡᠭᠦᠨ ᠤ ᠹᠦᠵᠢᠶᠠᠨ ᠳᠤ ᠠᠷᠠᠳ ᠢ ᠨᠡᠭᠦᠯᠭᠡᠬᠦ ᠢᠨᠵᠧᠨᠧᠷᠢᠩ ᠢ ᠬᠠᠶᠢᠨ ᠰᠦᠪᠡᠭᠴᠢᠯᠡᠬᠦ ᠦᠶ᠎ᠡ ᠳᠤ ᠶᠠᠷᠢᠭᠰᠠᠨ ᠨᠢᠭᠡ ᠪᠠᠳᠠᠭ ᠦᠭᠡ ᠨᠢ ᠤᠳᠤ ᠪᠣᠯᠲᠠᠯ᠎ᠠ | ᠬᠥᠮᠥᠰ ᠲᠤ ᠭᠦᠨ ᠰᠡᠳᠬᠢᠭᠳᠡᠯ ᠲᠥᠷᠥᠭᠦᠯᠵᠦ ᠪᠠᠶᠢᠨ᠎ᠠ᠄ ︽ᠡᠷᠲᠡᠨ ᠤ ᠬᠥᠮᠥᠰ ᠤᠨ ᠬᠡᠯᠡᠭᠰᠡᠨᠴᠢᠯᠡᠨ ︿ᠠᠷᠠᠳ ᠢ ᠬᠠᠶᠢᠷᠠᠯᠠᠬᠤ ᠠᠴᠠ ᠢᠯᠡᠭᠦᠦ ᠬᠤᠯᠠ ᠶᠢᠨ ᠪᠣᠳᠣᠯ | ᠭᠡᠵᠦ ᠦᠯᠦ ᠪᠠᠶᠢᠨᠠᠮ᠂ ᠠᠷᠠᠳ ᠢ ᠪᠠᠶᠠᠰᠬᠠᠬᠤ ᠠᠴᠠ ᠢᠯᠡᠭᠦᠦ ᠤᠴᠢᠷ ᠶᠠᠪᠤᠳᠠᠯ ᠭᠡᠵᠦ ᠦᠯᠦ ᠪᠠᠶᠢᠨᠠᠮ﹀᠂ ᠤᠯᠠᠨ ᠲᠦᠮᠡᠨ ᠤ ᠠᠮᠢᠳᠤᠷᠠᠯ ᠡᠶᠢᠮᠦ ᠬᠦᠴᠢᠷ | ᠪᠡᠷᠬᠡᠰᠢᠶᠡᠯ ᠲᠠᠢ ᠪᠠᠶᠢᠬᠤ ᠶᠢ ᠣᠯᠵᠤ ᠬᠠᠷᠠᠭᠰᠠᠨ ᠮᠠᠨ ᠤ ᠡᠪ ᠬᠠᠮᠲᠤᠴᠤᠳ ᠨᠡᠩ ᠴᠤ ᠤᠨᠲᠠᠬᠤ ᠳᠤ ᠨᠦᠢᠷ ᠦᠭᠡᠢ᠂ ᠬᠤᠭᠤᠯᠠᠯᠠᠬᠤ ᠳᠤ ᠳᠤᠷᠠᠰᠢᠯ ᠦᠭᠡᠢ | ᠰᠠᠨᠠᠭᠳᠠᠬᠤ ᠶᠣᠰᠣᠲᠠᠢ︕︾ | ᠱᠠᠨ ᠰᠢ ᠶᠢᠨ ᠯᠢᠦᠢ ᠯᠢᠶᠠᠩ ᠳᠠᠬᠢ ᠠᠶᠠᠯᠠᠯ ᠢᠶᠠᠨ ᠳᠠᠭᠤᠰᠬᠠᠭᠠᠳ ᠳᠡᠮᠡᠢ ᠤᠳᠠᠭᠰᠠᠨ ᠦᠭᠡᠢ᠂ ᠶᠡᠷᠦᠩᠬᠡᠢ ᠱᠦᠵᠢ ᠪᠠᠰᠠ ᠪᠣᠯᠵᠤᠭ᠎ᠠ ᠪᠠᠨ ᠭᠦᠢᠴᠡᠳᠬᠡᠬᠦ ᠪᠠᠷ | ᠳ᠋ᠡ ᠯᠢᠶᠠᠩ ᠱᠠᠨ ᠠᠭᠤᠯᠠᠨ ᠤ ᠥᠷᠥᠴᠡᠨ ᠳᠤ ᠬᠦᠷᠴᠡᠢ᠃ | ᠰᠧᠴᠤᠸᠠᠨ ᠤ ᠵᠤᠤ ᠵᠢᠤᠸᠠᠢ ᠰᠢᠶᠠᠨ ᠤ ᠰᠠᠨ ᠾᠧ ᠲᠣᠰᠬᠤᠨ ᠳᠤ᠂ ᠲᠡᠷᠡ ᠲᠤᠬᠠᠢ ᠶᠢᠨ ᠭᠠᠵᠠᠷ ᠤᠨ ᠺᠠᠳ᠋ᠷᠴᠤᠳ ᠠᠴᠠ᠄ ︽︿ᠬᠠᠳᠠᠨ ᠡᠷᠭᠢ ᠳᠠᠬᠢ | ᠲᠣᠰᠬᠤᠨ﹀ ᠨᠢ ᠲᠠᠨ ᠤ ᠰᠢᠶᠠᠨ ᠤ ᠬᠢ ᠮᠥᠨ ᠦᠦ︖ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠶᠢ ᠬᠡᠷᠬᠢᠨ ᠬᠢᠬᠦ ᠪᠠᠷ ᠪᠡᠯᠡᠳᠬᠡᠵᠦ ᠪᠠᠶᠢᠬᠤ ᠪᠤᠢ︖︾ | ᠲᠤᠬᠠᠢ ᠶᠢᠨ ᠭᠠᠵᠠᠷ ᠤᠨ ᠬᠢᠨ ︽ᠬᠠᠳᠠᠨ ᠡᠷᠭᠢ ᠳᠠᠬᠢ ᠲᠣᠰᠬᠤᠨ︾ ᠢ ᠪᠠᠭᠲᠠᠭᠠᠭᠰᠠᠨ ᠲᠣᠰᠬᠤᠨ ᠢ ᠨᠡᠭᠦᠯᠭᠡᠬᠦ ᠪᠠᠨ ᠵᠥᠪᠯᠡᠬᠦ ᠵᠦᠢᠯ ᠳᠤ ᠪᠠᠨ ᠣᠷᠣᠭᠤᠯᠤᠭᠰᠠᠨ ᠢ | ᠰᠣᠨᠣᠰᠤᠭᠠᠳ ᠶᠡᠷᠦᠩᠬᠡᠢ ᠱᠦᠵᠢ ᠮᠠᠰᠢ ᠪᠠᠶᠠᠷᠯᠠᠭᠠᠳ᠂ ᠪᠡᠶ᠎ᠡ ᠶᠢᠨ ᠳᠡᠷᠭᠡᠳᠡᠬᠢ ᠠᠵᠢᠯᠲᠠᠳ ᠲᠤ ᠪᠠᠨ ᠲᠥᠯᠦᠪᠵᠢᠭᠦᠯᠭᠡ ᠶᠢᠨ ᠵᠢᠷᠤᠭ ᠢ ᠠᠪᠤᠭᠠᠳ ᠶᠠᠪᠤᠭᠠᠴᠢ᠂ ︽ | ᠪᠢ ᠨᠢᠭᠡ ᠦᠵᠡᠵᠦ ᠦᠵᠡᠶ᠎ᠡ︾ ᠭᠡᠵᠦ ᠵᠠᠬᠢᠪᠠ᠃ | ᠶᠡᠷᠦᠩᠬᠡᠢ ᠱᠦᠵᠢ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠳᠤ ︽ᠤᠷᠢᠳ ᠢᠶᠠᠷ ᠲᠥᠯᠥᠪᠵᠢᠭᠦᠯᠵᠦ᠂ ᠣᠯᠠᠨ ᠲᠦᠮᠡᠨ ᠤ ᠬᠦᠰᠡᠯ ᠰᠠᠨᠠᠭ᠎ᠠ ᠶᠢ | ᠬᠦᠨᠳᠦᠳᠬᠡᠬᠦ ᠬᠡᠷᠡᠭᠲᠡᠢ︾ ᠭᠡᠵᠦ ᠱᠠᠭᠠᠷᠳᠠᠪᠠ᠃ ᠨᠢᠭᠡ ᠤᠳᠠᠭ᠎ᠠ ᠶᠢᠨ ᠬᠤᠷᠠᠯ ᠳᠡᠭᠡᠷ᠎ᠡ᠂ ᠲᠡᠷᠡ ᠵᠠᠷᠢᠮ ᠭᠠᠵᠠᠷ ᠤᠨ ᠬᠢᠨ ᠪᠣᠳᠠᠲᠠᠢ ᠪᠠᠶᠢᠳᠠᠯ ᠢ ᠬᠠᠶᠢᠬᠤᠷᠬᠤ ᠦᠭᠡᠢ | ᠂ ᠨᠡᠭᠦᠯᠭᠡᠬᠦ ᠶᠢᠨ ᠲᠥᠯᠥᠭᠡ ᠨᠡᠭᠦᠯᠭᠡᠵᠦ᠂ ︽ᠬᠠᠮᠢᠭ᠎ᠠ ᠨᠡᠭᠦᠯᠭᠡᠬᠦ᠂ ᠨᠡᠭᠦᠯᠭᠡᠭᠰᠡᠨ ᠤ ᠲᠠᠷᠠᠭ᠎ᠠ ᠶᠠᠭᠤ ᠬᠢᠬᠦ᠂ ᠨᠡᠭᠦᠯᠭᠡᠭᠰᠡᠨ ᠤ ᠲᠠᠷᠠᠭ᠎ᠠ ᠣᠷᠣᠯᠭ᠎ᠠ ᠨᠢ ᠬᠠᠮᠢᠭ᠎ᠠ ᠠᠴᠠ | ᠢᠷᠡᠬᠦ︾ ᠶᠢ ᠨᠢᠭᠡᠳᠦᠯᠲᠡᠢ ᠲᠥᠯᠥᠪᠯᠡᠭᠰᠡᠨ ᠦᠭᠡᠢ᠂ ᠪᠦᠬᠦ ᠲᠠᠯ᠎ᠠ ᠶᠢᠨ ᠪᠣᠳᠣᠯᠬᠢᠯᠠᠯ ᠳᠤᠲᠠᠮᠠᠭ ᠪᠠᠶᠢᠨ᠎ᠠ ᠭᠡᠵᠦ ᠲᠥᠪ ᠴᠢᠩᠭ᠎ᠠ ᠪᠠᠷ ᠰᠢᠭᠦᠮᠵᠢᠯᠡᠪᠡ᠃ | ᠨᠢᠭᠡᠨ ᠤᠳᠠᠭ᠎ᠠ᠂ ᠲᠡᠷᠡ ᠵᠦᠰᠡᠷ ᠪᠣᠷᠣᠭᠠᠨ ᠤ ᠳᠤᠮᠳᠠᠭᠤᠷ ᠰᠢᠪᠠᠷ ᠪᠠᠯᠴᠢᠭ ᠢ ᠭᠢᠰᠬᠢᠨ ᠨᠡᠭᠦᠳᠡᠯ ᠠᠷᠠᠳ ᠤᠨ ᠰᠢᠨ᠎ᠡ ᠲᠣᠰᠬᠤᠨ ᠤ ᠪᠠᠷᠢᠯᠭ᠎ᠠ ᠶᠢᠨ ᠭᠠᠵᠠᠷ ᠲᠤ | ᠬᠥᠷᠪᠡ᠃ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠲᠤᠬᠠᠢ ᠶᠢᠨ ᠭᠠᠵᠠᠷ ᠤᠨ ᠺᠠᠳ᠋ᠷ ᠡᠷᠭᠢᠴᠡᠭᠦᠯᠬᠦ ᠳᠤ ᠪᠠᠨ᠄ ︽ᠶᠡᠷᠦᠩᠬᠡᠢ ᠱᠦᠵᠢ ᠨᠡᠭᠦᠯᠭᠡᠨ ᠰᠢᠯᠵᠢᠭᠦᠯᠦᠭᠰᠡᠨ | ᠣᠷᠣᠨ ᠰᠠᠭᠤᠴᠠ ᠶᠢᠨ ᠶᠠᠰᠤ ᠴᠢᠨᠠᠷ᠂ ᠰᠢᠨ᠎ᠡ ᠲᠣᠰᠬᠤᠨ ᠤ ᠰᠠᠭᠤᠷᠢ ᠪᠡᠯᠡᠳᠬᠡᠮᠵᠢ ᠵᠢᠴᠢ ᠨᠡᠭᠦᠯᠭᠡᠭᠰᠡᠨ ᠤ ᠳᠠᠷᠠᠭᠠᠬᠢ ᠲᠣᠰᠬᠤᠨ ᠤ ᠠᠷᠠᠳ ᠤᠨ ᠠᠮᠢᠳᠤᠷᠠᠯ | ᠵᠡᠷᠭᠡ ᠶᠢ ᠲᠦᠢᠯ ᠢᠶᠠᠷ ᠬᠠᠯᠠᠮᠵᠢᠯᠠᠵᠤ᠂ ᠦᠵᠡᠬᠦ ᠶᠢᠨ ᠳᠠᠭᠠᠤ ᠬᠢᠨᠠᠮᠠᠭᠠᠢ ᠠᠰᠠᠭᠤᠨ ᠯᠠᠪᠯᠠᠵᠤ᠂ ᠮᠠᠰᠢ ᠭᠦᠢᠴᠡᠳ ᠪᠣᠳᠣᠯᠬᠢᠯᠠᠭᠰᠠᠨ ᠪᠠᠶᠢᠵᠠᠢ︾ ᠭᠡᠪᠡ᠃ | | | | ᠳᠡᠭᠡᠷᠡᠬᠢ ᠵᠢᠷᠤᠭ ᠨᠢ 2016 ᠣᠨ ᠤ 11 ᠳ᠋ᠦ᠋ᠭᠡᠷ ᠰᠠᠷ᠎ᠠ ᠳᠤ ᠰᠡᠭᠦᠳᠡᠷᠯᠡᠭᠰᠡᠨ ᠶᠠᠳᠠᠭᠤ ᠠᠴᠠ ᠠᠩᠭᠢᠵᠢᠷᠠᠭᠤᠯᠬᠤ ᠠᠴᠠ ᠡᠮᠦᠨᠡᠬᠢ ᠬᠥᠬᠡᠨᠠᠭᠤᠷ ᠤᠨ ᠬᠤ᠋ | ᠵᠦ ᠶᠢᠨ ᠮᠣᠩᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠪᠠᠨᠶᠠᠨ ᠲᠣᠰᠬᠤᠨ ᠤ ᠪᠠᠶᠢᠳᠠᠯ ᠪᠣᠯᠣᠨ᠎ᠠ᠂ ᠳᠣᠣᠷᠠᠬᠢ ᠵᠢᠷᠤᠭ ᠨᠢ 2019 ᠣᠨ ᠤ 9 | ᠳ᠋ᠦ᠋ᠭᠡᠷ ᠰᠠᠷ᠎ᠠ ᠳᠤ ᠰᠡᠭᠦᠳᠡᠷᠯᠡᠭᠰᠡᠨ ᠬᠥᠬᠡᠨᠠᠭᠤᠷ ᠤᠨ ᠬᠤ᠋ ᠵᠦ ᠶᠢᠨ ᠮᠣᠩᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠪᠠᠨᠶᠠᠨ ᠰᠢᠨ᠎ᠡ ᠲᠣᠰᠬᠤᠨ ᠤ | ᠪᠠᠶᠢᠳᠠᠯ ᠪᠣᠯᠣᠨ᠎ᠠ᠃ | ᠬᠠᠲᠤᠨ ᠭᠤᠣᠯ ᠤᠨ ᠬᠥᠪᠡᠭᠡᠨ ᠳᠠᠬᠢ ᠰᠢᠨ᠎ᠡ ᠲᠣᠰᠬᠤᠨ — ᠨᠢᠩᠰᠢᠶᠠ ᠶᠢᠨ ᠦ᠋ ᠵᠦᠩ ᠬᠤᠳᠠ ᠶᠢᠨ ᠬᠤᠩ ᠳ᠋ᠧ ᠲᠣᠰᠬᠤᠨ ᠳᠤ ᠬᠦᠷᠬᠦ ᠳᠤ᠂ ᠶᠡᠷᠦᠩᠬᠡᠢ | ᠱᠦᠵᠢ ᠲᠣᠰᠬᠤᠨ ᠤ ᠪᠠᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠳᠠᠰᠤᠭ ᠲᠤ ᠲᠤᠰᠬᠠᠶᠢᠯᠠᠨ ᠬᠦᠷᠴᠦ᠂ ︽ᠨᠡᠭᠦᠯᠭᠡᠭᠡᠳ ᠬᠡᠳᠦᠨ ᠲᠠᠰᠤᠯᠭ᠎ᠠ ᠭᠤᠶᠤ ᠪᠠᠶᠢᠰᠢᠩ | ᠪᠠᠷᠢᠪᠠᠯ ᠪᠣᠯᠴᠢᠬᠠᠬᠤ ᠶᠤᠮ ᠪᠢᠰᠢ︾ ᠭᠡᠵᠦ ᠰᠢᠭᠤᠳ ᠬᠡᠯᠡᠪᠡ᠃ ᠲᠡᠷᠡ ᠠᠯᠤᠰ ᠢ ᠪᠣᠳᠣᠯᠬᠢᠯᠠᠵᠤ᠂ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠤᠯᠠᠨ | ᠲᠦᠮᠡᠨ ᠢ ᠦᠷᠭᠦᠯᠵᠢᠯᠡᠨ ᠲᠡᠳᠬᠦᠬᠦ ᠠᠵᠢᠯ ᠢ ᠰᠠᠶᠢᠲᠤᠷ ᠬᠢᠵᠦ᠂ ᠤᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢ ᠠᠬᠢᠭᠤᠯᠵᠤ᠂ ᠨᠡᠶᠢᠭᠡᠮ ᠤᠨ ᠬᠠᠮᠢᠶᠠᠷᠤᠯᠲᠠ ᠶᠢ | ᠴᠢᠩᠭᠠᠳᠬᠠᠵᠤ᠂ ᠨᠡᠶᠢᠭᠡᠮ ᠤᠨ ᠠᠭᠤᠰᠤᠯᠴᠠᠯ ᠢ ᠠᠬᠢᠭᠤᠯᠬᠤ ᠶᠢ ᠵᠣᠷᠢᠪᠠ᠃ | ᠥᠩᠭᠡᠷᠡᠭᠰᠡᠨ ᠤ ᠶᠠᠪᠤᠳᠠᠯ ᠤᠳ ᠨᠢᠳᠦᠨ ᠳᠤ ᠲᠣᠳᠣᠬᠠᠨ ᠬᠠᠷᠠᠭᠳᠠᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ᠂ ︽ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ︾ ᠭᠡᠬᠦ ᠡᠷᠡᠰ ᠴᠢᠩᠭ᠎ᠠ | ᠲᠠᠩᠭᠠᠷᠢᠭ ᠳᠣᠣᠷ᠎ᠠ᠂ ︽ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ ᠳᠤ ᠮᠢᠩᠭᠠᠨ ᠲᠦᠮᠡ ᠰᠢᠬᠠᠮ ᠬᠥᠮᠥᠨ ᠢ ᠨᠡᠭᠦᠯᠭᠡᠨ᠎ᠡ᠂ ᠳᠤᠮᠳᠠ ᠵᠡᠷᠭᠡ ᠶᠢᠨ ᠤᠯᠤᠰ ᠤᠨ | ᠬᠥᠮᠥᠨ ᠠᠮᠠ ᠲᠠᠢ ᠲᠡᠩᠴᠡᠵᠦ ᠣᠴᠢᠮᠠᠷ︾᠃ | ᠵᠤᠤ ᠵᠢᠶᠠ ᠸᠠ ᠲᠣᠰᠬᠤᠨ ᠤ ᠪᠠᠶᠢᠭᠤᠯᠤᠮᠵᠢ ᠶᠢᠨ ᠳᠦᠷᠢᠮ ᠢ ᠬᠦᠴᠦᠨ ᠦᠭᠡᠢ ᠪᠣᠯᠭᠠᠵᠤ᠂ ᠲᠣᠰᠬᠤᠨ ᠤ ᠠᠷᠠᠳ ᠤᠨ ᠵᠥᠪᠯᠡᠯ ᠤᠨ ᠬᠡᠳᠦᠨ ᠲᠠᠰᠤᠯᠭ᠎ᠠ ᠭᠡᠷ | ᠪᠠᠶᠢᠰᠢᠩ ᠢ ᠦᠯᠡᠳᠡᠭᠡᠭᠰᠡᠨ ᠠᠴᠠ ᠭᠠᠳᠠᠨ᠎ᠠ ᠪᠤᠰᠤᠳ ᠪᠠᠷᠢᠯᠭ᠎ᠠ ᠶᠢ ᠴᠥᠮ ᠨᠤᠷᠠᠭᠠᠨ ᠬᠠᠭᠠᠯᠪᠤᠷᠢᠯᠠᠵᠤ᠂ ᠭᠠᠩ ᠬᠠᠭᠰᠠᠷᠠᠭᠠᠨ ᠳᠤ ᠳᠠᠭᠠᠭᠠᠴᠠᠲᠠᠢ ᠨᠠᠷᠠᠰᠤ ᠪᠠ | ᠬᠢᠲᠠᠳ ᠡᠮ ᠤᠨ ᠮᠠᠲ᠋ᠧᠷᠢᠶᠠᠯ ᠲᠠᠷᠢᠵᠦ᠂ ᠨᠡᠭᠦᠵᠦ ᠶᠠᠪᠤᠭᠰᠠᠨ ᠨᠤᠲᠤᠭ ᠤᠨ ᠠᠬ᠎ᠠ ᠳᠡᠭᠦᠦ ᠨᠠᠷ ᠤᠨ ᠣᠷᠣᠯᠭ᠎ᠠ ᠶᠢ ᠨᠡᠮᠡᠭᠳᠡᠭᠦᠯᠪᠡ᠃ | ᠰᠦᠩ ᠵᠢᠶᠠ ᠭᠧᠦ ᠰᠢᠨ᠎ᠡ ᠲᠣᠰᠬᠤᠨ ᠴᠤ ᠦᠰᠦᠳ ᠥᠭᠡᠷ᠎ᠡ ᠰᠢᠨ᠎ᠡ ᠬᠤᠪᠢᠷᠠᠯ ᠲᠠᠢ ᠪᠣᠯᠵᠤ᠂ ᠡᠩ ᠤᠨ ᠨᠡᠭᠦᠳᠡᠯ ᠠᠷᠠᠳ ᠤᠨ ᠰᠢᠨ᠎ᠡ ᠲᠣᠰᠬᠤᠨ | ᠪᠠᠶᠢᠭᠰᠠᠨ ᠠᠴᠠ ᠪᠠᠨ ᠵᠤᠭᠠᠴᠠᠭᠰᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠭᠰᠡᠨ 4A ᠳᠡᠰ ᠤᠨ ᠦᠵᠡᠮᠵᠢ ᠶᠢᠨ ᠣᠷᠣᠨ ᠪᠣᠯᠵᠠᠢ᠃ ᠲᠣᠰᠬᠤᠨ ᠤ | ᠬᠠᠮᠲᠤ ᠶᠢᠨ ᠣᠷᠣᠯᠭ᠎ᠠ ᠪᠠᠷᠤᠭ ᠬᠤᠭᠤᠰᠤᠨ ᠪᠠᠶᠢᠭᠰᠠᠨ ᠠᠴᠠ ᠪᠠᠨ ᠵᠠᠭᠤᠨ ᠲᠦᠮᠡᠨ ᠲᠥᠭᠦᠷᠢᠭ ᠤᠨ ᠪᠣᠭᠤᠮᠲᠠ ᠶᠢ ᠳᠠᠪᠠᠭ᠋ᠤ ᠪᠣᠯᠲᠠᠯ᠎ᠠ ᠲᠤᠯᠤᠭ᠎ᠠ ᠨᠠᠢᠮᠠᠬᠠᠨ | ᠵᠢᠯ ᠤᠨ ᠴᠠᠭ ᠵᠠᠷᠤᠴᠠᠭᠤᠯᠵᠠᠢ᠃ | ᠥᠩᠭᠡᠷᠡᠭᠰᠡᠨ ᠳᠤ ᠪᠠᠶᠢᠭᠠᠯᠢ ᠶᠢᠨ ᠨᠥᠬᠦᠴᠡᠯ ᠢᠶᠠᠷ ᠣᠨᠴᠠᠭᠠᠶ ᠮᠠᠭᠤ ᠭᠠᠵᠠᠷ ᠣᠷᠣᠨ ᠳᠤ ᠠᠮᠢᠳᠤᠷᠠᠵᠤ ᠪᠠᠶᠢᠭᠰᠠᠨ ᠬᠥᠮᠥᠰ ᠰᠢᠨ᠎ᠡ ᠭᠡᠷ ᠣᠷᠣᠨ ᠳᠤ ᠪᠠᠨ ᠴᠣ | ᠰᠢᠨ᠎ᠡ ᠠᠮᠢᠳᠤᠷᠠᠯ ᠢᠶᠠᠨ ᠡᠬᠢᠯᠡᠭᠦᠯᠪᠡ᠃ 2021 ᠣᠨ ᠠᠴᠠ ᠨᠠᠭᠠᠰᠢ᠂ ᠪᠦᠬᠦ ᠤᠯᠤᠰ ᠤᠨ ᠨᠤᠲᠤᠭ ᠰᠢᠯᠵᠢᠭᠦᠯᠦᠨ ᠶᠠᠳᠠᠭᠤ ᠠᠴᠠ ᠠᠩᠭᠢᠵᠢᠷᠠᠭᠤᠯᠤᠭᠰᠠᠨ | ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢᠨ ᠨᠤᠷᠮ᠎ᠠ ᠦᠷᠭᠦᠯᠵᠢᠯᠡᠨ 90% ᠠᠴᠠ ᠳᠡᠭᠡᠭᠰᠢ ᠪᠠᠶᠢᠬᠤ ᠶᠢ ᠪᠠᠲᠤᠯᠠᠭᠰᠠᠨ ᠪᠥᠭᠡᠳ ᠵᠢᠯ ᠳᠠᠷᠠᠭᠠᠯᠠᠨ | ᠨᠡᠮᠡᠭᠳᠡᠬᠦ ᠬᠠᠨᠳᠤᠰᠢ ᠲᠠᠢ ᠪᠣᠯᠪᠠ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠨᠤᠲᠤᠭ ᠰᠢᠯᠵᠢᠭᠦᠯᠦᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠨ᠎ᠠ︾ ᠭᠡᠵᠦ | ᠲᠣᠳᠣᠷᠬᠠᠢ ᠳᠤᠷᠠᠳᠪᠠ᠃ ᠶᠠᠳᠠᠭᠤ ᠠᠴᠠ ᠠᠩᠭᠢᠵᠢᠷᠠᠭᠤᠯᠤᠭᠰᠠᠨ ᠨᠢ ᠲᠡᠭᠦᠰᠬᠡᠯ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠭᠠᠷᠤᠭ᠎ᠠ | ᠮᠥᠨ᠂ ︽ᠨᠡᠭᠦᠯᠭᠡᠵᠦ ᠳᠡᠶᠢᠯᠬᠦ᠂ ᠲᠣᠭᠲᠠᠪᠤᠷᠢᠵᠢᠭᠤᠯᠵᠤ ᠳᠡᠶᠢᠯᠬᠦ᠂ ᠪᠠᠶᠠᠵᠢᠭᠤᠯᠵᠤ ᠳᠡᠶᠢᠯᠬᠦ︾ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠨ᠎ᠠ᠃ | ᠠᠯᠢᠪᠠ ᠪᠦᠬᠦᠨ ᠴᠥᠮ ᠬᠤᠪᠢᠷᠠᠵᠤ ᠪᠠᠶᠢᠨ᠎ᠠ᠃ ᠬᠤᠪᠢᠷᠠᠰᠢ ᠦᠭᠡᠢ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ | ᠬᠠᠷᠢᠭᠤᠴᠠᠯᠭ᠎ᠠ ᠪᠣᠯᠣᠨ᠎ᠠ᠃ |