ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 25 ᠤ ᠡᠳᠦᠷ ᠤᠨ ᠴᠠᠬᠢᠯᠭᠠᠨ 6 ᠳ᠋ᠤᠭᠠᠷ ᠰᠠᠷ᠎ᠠ ᠶᠢᠨ 25 ᠤ ᠡᠳᠦᠷ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠮᠣᠽᠠᠮᠪᠢᠺ ᠤᠨ ᠶᠡᠷᠦᠩᠬᠡᠶᠢᠯᠡᠭᠴᠢ ᠴᠠᠫᠤ ᠯᠤᠭ᠎ᠠ ᠬᠠᠷᠢᠯᠴᠠᠨ ᠪᠠᠶᠠᠷ ᠤᠨ ᠴᠠᠬᠢᠯᠭᠠᠨ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ ᠵᠢᠭᠠᠵᠤ ᠭᠠᠷᠭᠠᠬᠤ ᠳᠤ ᠪᠠᠨ᠂ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠲᠤᠷᠰᠢ᠂ ᠳᠡᠯᠡᠬᠡᠢ ᠶᠢᠨ ᠪᠠᠶᠢᠳᠠᠯ ᠳᠤ ᠶᠠᠭᠠᠬᠢᠵᠤ | ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠪᠠ ᠮᠣᠽᠠᠮᠪᠢᠺ ᠤᠨ ᠨᠥᠬᠦᠷᠯᠡᠯ ᠴᠥᠮ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠵᠦ᠂ ᠬᠤᠶᠠᠷ | ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠪᠠᠶᠢᠪᠠ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠶᠢᠭᠤᠯᠤᠭᠳᠠᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ | ᠬᠠᠮᠲᠤᠷᠠᠨ ᠤᠷᠤᠭᠰᠢᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠶ᠎ᠠ ᠨᠡᠩ ᠭᠡᠭᠡᠨ ᠰᠠᠷᠠᠭᠤᠯ ᠢᠷᠡᠭᠡᠳᠦᠢ ᠪᠠᠨ ᠤᠭᠲᠤᠬᠤ ᠨᠢ ᠯᠠᠪᠲᠠᠢ ᠶᠤᠮ | ᠭᠡᠳᠡᠭ ᠲᠤ ᠪᠢ ᠪᠠᠲᠤ ᠢᠲᠡᠭᠡᠯᠲᠡᠢ ᠪᠠᠶᠢᠨ᠎ᠠ᠃ ᠪᠢ ᠳᠤᠮᠳᠠᠳᠤ ᠪᠠ ᠮᠣᠽᠠᠮᠪᠢᠺ ᠤᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠴᠢᠷᠮᠠᠶᠢᠵᠤ ᠪᠠᠶᠢᠭᠠᠳ᠂ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠪᠠᠷ ᠰᠢᠨ᠎ᠡ | ᠭᠠᠷᠤᠭ᠎ᠠ ᠪᠠᠨ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠪᠠ | ᠳᠤᠮᠳᠠᠳᠤ ᠪᠠ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠪᠦᠳᠦᠭᠦᠪᠴᠢ ᠵᠥᠪᠯᠡᠯᠴᠡᠭᠡᠷ ᠤᠨ ᠬᠡᠪᠴᠢᠶᠡᠨ ᠳᠤ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠪᠠ ᠮᠣᠽᠠᠮᠪᠢᠺ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠬᠤ ᠬᠠᠨᠢᠲᠠᠨ ᠤ | ᠬᠠᠷᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ ᠭᠡᠵᠡᠢ᠃ | ᠴᠠᠫᠤ ᠢᠯᠡᠷᠬᠡᠶᠢᠯᠡᠬᠦ ᠳᠤ ᠪᠠᠨ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠨᠢ ᠮᠥᠨ ᠴᠤ ᠮᠣᠽᠠᠮᠪᠢᠺ ᠤᠨ ᠲᠤᠰᠠᠭᠠᠷ | ᠲᠣᠭᠲᠠᠨᠢᠭᠰᠠᠨ 50 ᠵᠢᠯ ᠤᠨ ᠤᠢ ᠪᠣᠯᠣᠨ᠎ᠠ᠂ ᠡᠨᠡ ᠨᠢ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠪᠠ ᠠᠬ᠎ᠠ ᠳᠡᠭᠦᠦ ᠮᠡᠲᠦ ᠶᠢᠨ ᠰᠡᠳᠬᠢᠯᠭᠡ ᠶᠢ | ᠬᠠᠷᠠᠭᠤᠯᠵᠤ ᠪᠠᠶᠢᠭ᠎ᠠ ᠶᠤᠮ᠃ ᠲᠤᠰᠠᠭᠠᠷ ᠲᠣᠭᠲᠠᠨᠢᠯ ᠢᠶᠠᠨ ᠲᠡᠮᠡᠴᠡᠨ ᠣᠯᠣᠭᠰᠠᠨ ᠵᠠᠮ ᠳᠤ ᠦᠵᠡᠭᠦᠯᠦᠭᠰᠡᠨ ᠳᠤᠮᠳᠠᠳᠤ ᠶᠢᠨ ᠲᠠᠯ᠎ᠠ ᠶᠢᠨ ᠨᠥᠬᠦᠴᠡᠯ ᠦᠭᠡᠢ | ᠳᠡᠮᠵᠢᠯᠭᠡ ᠳᠤ ᠲᠠᠯᠠᠷᠬᠠᠵᠤ ᠪᠠᠶᠢᠨ᠎ᠠ᠃ ᠮᠣᠽᠠᠮᠪᠢᠺ ᠤᠨ ᠲᠠᠯ᠎ᠠ ᠨᠢ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠦᠷᠭᠦᠯᠵᠢᠯᠡᠨ ᠵᠢᠷᠤᠮᠯᠠᠵᠤ᠂ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠲᠡᠮᠵᠢᠵᠤ᠂ ᠳᠤᠮᠳᠠᠳᠤ ᠶᠢᠨ | ᠲᠠᠯ᠎ᠠ ᠶᠢᠨ ᠴᠢᠬᠤᠯᠠ ᠶᠡᠭᠡ ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠳᠡᠬᠦ ᠰᠠᠭᠤᠷᠢᠨ ᠳᠡᠭᠡᠷ᠎ᠡ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠥᠷᠭᠡᠳᠬᠡᠵᠦ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ ᠪᠠ ᠬᠥᠭᠵᠢᠯ | ᠴᠡᠴᠡᠭᠯᠡᠯ ᠢ ᠠᠬᠢᠭᠤᠯᠤᠨ᠎ᠠ ᠭᠡᠵᠡᠢ᠃ |