ᠲᠥᠪ ᠤᠨ ᠵᠠᠭᠤᠴᠢᠯᠠᠭᠤᠷ ᠢᠶᠠᠷ ᠥᠪᠥᠷ ᠮᠣᠩᠭᠤᠯ ᠢ ᠬᠠᠷᠠᠬᠤᠢ | ᠵᠢᠷᠤᠭᠲᠤ ᠮᠡᠳᠡᠭᠡᠯᠡᠯ
ᠨᠡᠶᠢᠲᠡᠯᠡᠭᠰᠡᠨ ᠴᠠᠭ᠄
2025/6/27
   ᠥᠪᠥᠷ ᠮᠣᠩᠭᠤᠯ ᠳᠠᠬᠢ ᠬᠠᠲᠤᠨ ᠭᠤᠣᠯ ᠤᠨ ᠶᠡᠭᠡ ᠲᠣᠬᠤᠢ ᠶᠢᠨ ᠡᠯᠡᠰᠦᠵᠢᠭᠰᠡᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ 2.27 ᠳ᠋ᠦᠩᠰᠢᠭᠤᠷ ᠮᠦ ᠳᠤ ᠬᠦᠷᠴᠦ᠂ ᠠᠮᠢ ᠠᠬᠤᠢ ᠶᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠣᠯ ᠲᠠᠯᠠᠪᠤᠷ ᠪᠣᠯᠵᠠᠢ᠃ ᠣᠶᠢᠷ᠎ᠠ ᠶᠢᠨ ᠬᠤᠶᠠᠷ ᠵᠢᠯ ᠳᠤ᠂ ᠥᠪᠥᠷ ᠮᠣᠩᠭᠤᠯ ᠰᠠᠯᠬᠢ ᠶᠢ ᠬᠠᠯᠬᠠᠯᠠᠨ ᠡᠯᠡᠰᠦ ᠶᠢ ᠲᠣᠭᠲᠠᠭᠠᠬᠤ ᠪᠠ ᠬᠠᠳᠤᠨ ᠭᠤᠣᠯ ᠳᠤ ᠴᠢᠳᠬᠤᠬᠤ ᠡᠯᠡᠰᠦ ᠶᠢ ᠪᠠᠭᠠᠰᠬᠠᠬᠤ ᠪᠠᠷ ᠰᠢᠪᠲᠤᠯᠤᠯᠲᠠ ᠶᠢᠨ ᠭᠤᠣᠯᠳᠠᠯᠭ᠎ᠠ ᠪᠣᠯᠭᠠᠵᠤ᠂ ᠬᠠᠳᠤᠨ ᠭᠤᠣᠯ ᠤᠨ ᠬᠤᠶᠠᠷ ᠬᠥᠪᠡᠭᠡᠨ ᠳᠠᠬᠢ 620 ᠺᠢᠯᠣᠮᠧᠳ᠋ᠷ ᠤᠨ ᠤᠢ ᠰᠢᠭᠤᠢ ᠨᠤᠲᠤᠭ ᠪᠡᠯᠴᠢᠭᠡᠷ ᠤᠨ ᠪᠦᠰᠡ ᠶᠢᠨ ᠬᠤᠯᠪᠣᠨ ᠵᠣᠯᠭᠠᠭᠤᠯᠬᠤ ᠶᠢ ᠠᠬᠢᠭᠤᠯᠪᠠ᠃ ᠡᠭᠦᠨ ᠤ ᠬᠠᠮᠲᠤ᠂ ᠥᠪᠥᠷ ᠮᠣᠩᠭᠤᠯ ᠤᠯᠠᠭᠠᠨᠰᠤᠬᠠᠢ ᠶᠢᠨ ᠰᠠᠪᠠ ᠭᠠᠵᠠᠷ ᠲᠤ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢᠨ ᠶᠡᠷᠦᠩᠬᠡᠶᠢᠯᠡᠭᠰᠡᠨ ᠵᠠᠰᠠᠯᠲᠠ ᠶᠢ ᠬᠡᠷᠡᠭᠵᠢᠭᠦᠯᠵᠦ᠂ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠢᠶᠠᠨ ᠠᠮᠢ ᠠᠬᠤᠢ ᠶᠢᠨ ᠴᠡᠩᠭᠡᠯ ᠤᠨ ᠣᠷᠣᠨ ᠪᠣᠯᠭᠠᠭᠰᠠᠨ ᠪᠠᠶᠢᠨ᠎ᠠ᠃ 
1.jpg
    ᠵᠢᠷᠤᠭ ᠪᠣᠯ ᠣᠶᠢᠷ᠎ᠠ ᠳᠤ ᠰᠡᠭᠦᠳᠡᠷᠯᠡᠭᠰᠡᠨ ᠣᠷᠳᠣᠰ ᠬᠤᠳᠠ ᠶᠢᠨ ᠬᠠᠩᠭᠢᠨ ᠬᠤᠰᠢᠭᠤᠨ ᠤ ᠬᠥᠪᠴᠢ ᠶᠢᠨ ᠡᠯᠡᠰᠦ ᠳᠠᠬᠢ ᠨᠢᠭᠡᠨ ᠨᠣᠭᠤᠭᠠᠨ ᠪᠦᠷᠢᠳᠦ ᠪᠣᠯᠣᠨ᠎ᠠ     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠶᠠᠨ ᠵᠧᠨ ᠰᠡᠭᠦᠳᠡᠷᠯᠡᠪᠡ
ᠢᠷᠡᠯᠲᠡ᠄ ᠠᠷᠠᠳ ᠤᠨ ᠡᠳᠦᠷ ᠤᠨ ᠰᠣᠨᠢᠨ