ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ ᠁ ᠲᠥᠪ ᠪᠠᠩᠬᠢ ᠵᠡᠷᠭᠡ 6 ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠪᠠ︕
ᠨᠡᠶᠢᠲᠡᠯᠡᠭᠰᠡᠨ ᠴᠠᠭ᠄
2025/6/27
    ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ 6 ᠰᠠᠯᠠᠭ᠎ᠠ ᠮᠥᠴᠢᠷ ᠬᠤᠯᠪᠣᠭᠠᠯᠠᠨ ︽ᠮᠥᠩᠭᠦᠨ ᠭᠦᠢᠯᠭᠡᠭᠡᠨ ᠤ ᠳᠡᠮᠵᠢᠯᠭᠡ ᠪᠠᠷ ᠬᠡᠷᠡᠭᠯᠡᠭᠡ ᠶᠢ ᠬᠥᠭᠵᠢᠭᠡᠬᠦ ᠪᠠ ᠥᠷᠭᠡᠳᠬᠡᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠳᠡᠮᠵᠢᠨ᠂ ᠬᠡᠷᠡᠭᠯᠡᠭᠡ ᠶᠢᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠥᠷᠭᠡᠳᠬᠡᠬᠦ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ ᠪᠠᠳᠠᠷᠠᠭᠤᠯᠬᠤ ᠂ ᠬᠡᠷᠡᠭᠯᠡᠭᠡ ᠶᠢᠨ ᠬᠠᠩᠭᠠᠯᠭ᠎ᠠ ᠶᠢᠨ ᠦᠢᠯᠡᠳᠦᠯ ᠴᠢᠳᠠᠪᠤᠷᠢ ᠶᠢ ᠠᠬᠢᠭᠤᠯᠤᠨ᠂ ᠬᠡᠷᠡᠭᠯᠡᠭᠡ ᠶᠢᠨ ᠣᠷᠴᠢᠨ ᠨᠥᠬᠦᠴᠡᠯ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ ᠵᠢᠷᠭᠤᠭᠠᠨ ᠲᠠᠯ᠎ᠠ ᠪᠠᠷ ᠠᠷᠭ᠎ᠠ ᠬᠡᠮᠵᠢᠶ᠎ᠡ ᠳᠤᠷᠠᠳᠪᠠ᠃    ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠵᠦ᠂ ᠪᠠᠲᠤᠯᠠᠭ᠎ᠠ ᠶᠢᠨ ᠲᠣᠭᠲᠠᠯᠴᠠᠭ᠎ᠠ ᠶᠢ ᠰᠢᠯᠢᠳᠡᠭᠵᠢᠭᠦᠯᠦᠨ᠎ᠡ︕    ● ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢ ᠵᠣᠬᠢᠰᠲᠠᠢ ᠠᠭᠤᠵᠢᠭᠤ ᠲᠠᠯᠪᠢᠬᠤ ᠶᠢ ᠵᠣᠷᠢᠭᠵᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠨᠥᠬᠦᠴᠡᠯ ᠳᠤ ᠨᠡᠶᠢᠴᠡᠬᠦ ᠬᠤᠪᠢ ᠬᠥᠮᠥᠨ ᠪᠠ ᠠᠵᠤ ᠠᠬᠤᠶᠢᠯᠠᠯ ᠤᠨ ᠦᠢᠯᠡᠰ ᠪᠣᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃    ● ᠬᠥᠳᠡᠯᠮᠦᠷᠢ᠂ ᠬᠥᠷᠥᠩᠭᠡ᠂ ᠮᠡᠳᠡᠯᠭᠡ᠂ ᠮᠡᠷᠭᠡᠵᠢᠯ ᠵᠡᠷᠭᠡ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠪᠡᠯᠡ ᠮᠥᠩᠭᠦ ᠴᠤᠭᠯᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠤᠨ ᠭᠡᠷ ᠪᠦᠯᠢ ᠶᠢᠨ ᠡᠵᠡᠮᠳᠡᠬᠦ᠋ᠢᠴᠡ ᠣᠷᠣᠯᠭ᠎ᠠ ᠶᠢ ᠨᠡᠮᠡᠭᠳᠡᠭᠦᠯᠦᠨ᠎ᠡ᠃    ● ᠭᠡᠷ ᠪᠦᠯᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠴᠡᠭᠡ ᠳᠤ ᠵᠣᠬᠢᠴᠠᠬᠤ ᠮᠥᠩᠭᠦᠨ ᠭᠦᠢᠯᠭᠡᠭᠡᠨ ᠤ ᠨᠡᠷᠡᠳᠬᠦᠨ ᠤ ᠰᠢᠨ᠎ᠡ ᠶᠢ ᠡᠭᠦᠳᠴᠦ᠂ ᠰᠠᠭᠤᠭᠠᠯᠢ ᠠᠷᠠᠳ ᠤᠨ ᠪᠡᠯᠡ ᠣᠷᠣᠭᠤᠯᠵᠤ ᠡᠳ᠋ ᠤᠨ ᠶᠠᠪᠤᠳᠠᠯ ᠢᠶᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃    ● ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠣᠷᠣᠯᠴᠠᠭᠰᠠᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠳᠤ ᠨᠡᠶᠢᠴᠡᠭᠰᠡᠨ᠂ ᠤᠷᠳᠤ ᠬᠤᠭᠤᠴᠠᠭᠠᠨ ᠤ ᠣᠨᠴᠠᠯᠢᠭ ᠲᠠᠢ ᠪᠥᠭᠡᠳ ᠵᠣᠬᠢᠬᠤ ᠠᠰᠢᠭ ᠣᠯᠵᠠᠪᠤᠷᠢ ᠶᠢᠨ ᠨᠤᠷᠮ᠎ᠠ ᠲᠠᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠲᠤᠰᠬᠠᠢ ᠨᠡᠷᠡᠳᠬᠦᠨ ᠢ ᠰᠤᠳᠤᠯᠤᠨ ᠨᠡᠭᠡᠭᠡᠯᠭᠡᠵᠦ᠂ ᠨᠠᠰᠤᠵᠢᠯ ᠤᠨ ᠠᠰᠠᠷᠠᠮᠵᠢ ᠶᠢᠨ ᠡᠳ᠋ ᠬᠥᠷᠥᠩᠭᠡ ᠶᠢᠨ ᠨᠥᠭᠡᠴᠡ ᠶᠢ ᠨᠡᠮᠡᠭᠳᠡᠭᠦᠯᠬᠦ ᠪᠠ ᠨᠡᠮᠡᠭᠳᠡᠯ ᠥᠷᠲᠡᠭ ᠢ ᠲᠣᠭᠲᠠᠪᠤᠷᠢᠵᠢᠭᠤᠯᠤᠨ᠎ᠠ᠃    ● ᠬᠤᠳᠠᠯᠳᠤᠭᠠᠨ ᠤ ᠳᠠᠭᠠᠳᠬᠠᠯ ᠤᠨ ᠣᠨ ᠤ ᠮᠥᠩᠭᠦ ᠶᠢᠨ ᠨᠡᠷᠡᠳᠬᠦᠨ ᠤ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠤᠨ᠎ᠠ᠃    ● ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃    ● ᠣᠷᠳᠣ ᠬᠤᠭᠤᠴᠠᠭᠠᠨ ᠤ ᠰᠤᠪᠢᠯᠠᠯᠲᠠ ᠶᠢᠨ ᠬᠤᠳᠠᠯᠳᠤᠭᠠᠨ ᠤ ᠳᠠᠭᠠᠳᠬᠠᠯ ᠢ ᠬᠥᠭᠵᠢᠭᠦᠯᠦᠨ᠎ᠡ᠃    ● ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠤᠨ ᠰᠢᠨ᠎ᠡ ᠶᠢ ᠡᠭᠦᠳᠦᠭᠰᠡᠨ ᠡᠮ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠶᠢ ᠠᠬᠢᠭᠤᠯᠵᠤ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ᠂ ᠥᠪᠡᠷᠮᠢᠴᠡ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠨ᠎ᠠ᠃    ● ᠨᠠᠰᠤᠲᠠᠶᠢᠴᠤᠳ ᠤᠨ ᠵᠢᠭᠤᠯᠴᠢᠯᠠᠯ ᠤᠨ ᠳᠠᠭᠠᠳᠬᠠᠯ ᠢ ᠳᠡᠮᠵᠢᠨ ᠬᠥᠭᠵᠢᠭᠦᠯᠵᠦ᠂ ᠵᠢᠭᠤᠯᠴᠢᠯᠠᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠵᠣᠷᠢᠭᠵᠢᠭᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ