ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠬᠢ ᠵᠣᠭᠤᠰ ᠢ ᠭᠠᠷᠭᠠᠵᠤ ᠠᠪᠴᠤ ᠪᠣᠯᠤᠨ᠎ᠠ ᠦᠦ︖ ᠬᠠᠷᠢᠭᠤᠯᠲᠠ ᠶᠢ ᠦᠵᠡᠭᠡᠷᠡᠢ
ᠨᠡᠶᠢᠲᠡᠯᠡᠭᠰᠡᠨ ᠴᠠᠭ᠄
2025/6/27
   ᠨᠡᠶᠢᠭᠡᠮ ᠤᠨ ᠳᠠᠭᠠᠳᠬᠠᠯ ᠤᠨ ᠲᠠᠩᠰᠨ ᠭᠡᠳᠡᠭ ᠨᠢ ᠶᠡᠷᠦ ᠳᠡᠭᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠳᠠᠬᠢ ᠦᠯᠡᠳᠡᠪᠦᠷᠢ ᠮᠦᠡᠭᠭᠦ ᠪᠠ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠳᠠᠬᠢ ᠦᠯᠡᠳᠡᠪᠦᠷᠢ ᠮᠦᠡᠭᠭᠦ ᠶᠢ ᠵᠢᠭᠠᠵᠤ ᠪᠠᠶᠢᠨ᠎ᠠ᠂ ᠡᠩ ᠤᠨ ᠪᠠᠶᠢᠳᠠᠯ ᠳᠤᠤᠷ᠎ᠠ ᠡᠨᠡ ᠬᠤᠶᠠᠷ ᠲᠠᠩᠰᠠᠨ ᠳᠠᠬᠢ ᠮᠦᠡᠭᠭᠦ ᠶᠢ ᠴᠥᠮ ᠳᠤᠷ᠎ᠠ ᠪᠠᠷ ᠢᠶᠠᠨ ᠭᠠᠷᠭᠠᠨ ᠠᠪᠴᠤ ᠪᠣᠯᠬᠤ ᠥᠬᠡᠶ᠂ ᠲᠡᠭᠦᠨ ᠢ ᠲᠣᠰ ᠲᠣᠰ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠷᠡᠭᠯᠡᠨ᠎ᠡ᠃     ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠳᠠᠬᠢ ᠦᠯᠡᠳᠡᠪᠦᠷᠢ ᠮᠦᠡᠭᠭᠦ᠄ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ︵APP / ᠵᠢᠵᠢᠭ ᠫᠷᠤᠭ᠍ᠷᠠᠮ︶᠂ ᠭᠠᠷ ᠤᠳᠠᠰᠤᠨ ᠳᠠᠬᠢ 12333 APP᠂ ᠤᠯᠤᠰ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠤᠨ᠎ᠠ︔ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠳᠠᠬᠢ ᠦᠯᠡᠳᠡᠪᠦᠷᠢ ᠮᠦᠡᠭᠭᠦ ᠶᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠠᠷᠭ᠎ᠠ ᠵᠠᠮ ᠢᠶᠠᠷ ᠳᠠᠮᠵᠢᠭᠤᠯᠤᠨ ᠠᠰᠠᠭᠤᠨ ᠯᠠᠪᠯᠠᠵᠤ ᠪᠣᠯᠤᠨ᠎ᠠ᠃     ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠥᠩᠭᠦᠨ ᠭᠦᠶ᠋ᠯᠭᠡᠭᠡᠨ ᠤ ᠴᠢᠳᠠᠮᠵᠢ ᠶᠢ ᠢᠳᠡᠪᠬᠢᠵᠢᠭᠦᠯᠦᠭᠰᠡᠨ ᠤ ᠳᠠᠷᠠᠭ᠎ᠠ᠂ ᠡᠩ ᠤᠨ ᠪᠠᠩᠬᠢ ᠶᠢᠨ ᠵᠢᠭᠡᠯᠡᠨ ᠲᠡᠮᠳᠡᠭᠯᠡᠬᠦ ᠺᠠᠷᠲ ᠪᠣᠯᠭᠠᠨ ᠬᠡᠷᠡᠭᠯᠡᠵᠦ ᠪᠣᠯᠤᠨ᠎ᠠ᠂ ᠲᠡᠷᠡ ᠨᠢ ᠪᠡᠯᠡᠨ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠲᠠᠩᠰᠠ ᠰᠢᠯᠵᠢᠭᠦᠯᠬᠦ᠂ ᠬᠡᠷᠡᠭᠯᠡᠭᠡ ᠬᠢᠬᠦ ᠵᠡᠷᠭᠡ ᠴᠢᠳᠠᠮᠵᠢ ᠲᠠᠢ ᠪᠠᠶᠢᠳᠠᠭ᠂ ᠪᠠᠰᠠ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ ᠠᠵᠢᠯᠳᠠᠨ ᠤ ᠶᠠᠪᠤᠳᠠᠯ ᠤᠨ ᠴᠢᠳᠠᠪᠤᠷᠢᠲᠠᠨ ᠤ ᠰᠢᠯᠭᠠᠯᠲᠠ ᠬᠢᠬᠦ ᠰᠦᠢᠳᠬᠡᠯ ᠲᠤᠰᠢᠶᠠᠬᠤ᠂ ᠨᠡᠶᠢᠭᠡᠮ ᠤᠨ ᠳᠠᠭᠠᠳᠬᠠᠯ ᠤᠨ ᠲᠣᠭᠲᠠᠮᠠᠯ ᠬᠤᠭᠤᠴᠠᠭᠠᠲᠤ ᠬᠠᠷᠠᠭᠠᠯᠵᠠᠯ ᠪᠠ ᠨᠢᠭᠡ ᠯᠡ ᠤᠳᠠᠭ᠎ᠠ ᠶᠢᠨ ᠴᠢᠨᠠᠷᠲᠠᠢ ᠬᠠᠷᠠᠭᠠᠯᠵᠠᠯ ᠠᠪᠬᠤ᠂ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢ ᠠᠪᠬᠤ᠂ ᠬᠥᠯᠥᠰᠥᠨ ᠠᠵᠢᠯᠴᠢᠨ ᠤ ᠴᠠᠯᠢᠩ ᠢᠶᠠᠨ ᠠᠪᠬᠤ᠂ ᠲᠠᠷᠢᠶᠠᠴᠢᠳ ᠲᠤ ᠠᠰᠢᠭ ᠲᠤᠰᠠ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠠᠪᠬᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠠᠪᠬᠤ ᠵᠡᠷᠭᠡ ᠪᠠᠭᠳᠠᠭᠠᠬᠰᠠᠨ ᠡᠯ᠎ᠡ ᠲᠥᠷᠥᠯ ᠤᠨ ᠰᠦᠶ᠋ᠳᠬᠡᠯ ᠲᠤᠰᠢᠶᠠᠬᠤ ᠪᠠ ᠬᠠᠷᠠᠭᠠᠯᠵᠠᠯ ᠤᠨ ᠨᠥᠬᠦᠪᠥᠷᠢ ᠠᠪᠬᠤ ᠶᠢ ᠳᠡᠮᠵᠢᠨ᠎ᠠ᠃
ᠢᠷᠡᠯᠲᠡ᠄ ᠠᠷᠠᠳ ᠤᠨ ᠰᠦᠯᠵᠢᠶ᠎ᠡ