ᠰᠤᠷᠭᠠᠨ ᠬᠦᠮᠦᠵᠢᠯ ᠤᠨ ᠶᠠᠮᠦᠨ ᠤᠶᠢᠷ᠎ᠠ ᠳᠤ ᠰᠢᠯᠭᠠᠯᠳᠠ ᠳᠤ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠰᠢᠷᠢᠰ ᠦᠢᠯᠡ ᠠᠵᠢᠯᠯᠠᠭ᠎ᠠ ᠪᠠ ᠰᠢᠯᠭᠠᠯᠳᠠ ᠶᠢᠨ | ᠲᠠᠷᠠᠭᠠᠬᠢ ᠬᠤᠪᠢ ᠪᠠᠶᠢᠴᠠᠭᠠᠬᠤ᠂ ᠡᠯᠰᠡᠬᠦ ᠶᠠᠪᠤᠴᠠ ᠳᠠᠬᠢ ᠦᠨᠡᠨ ᠪᠤᠳᠠᠳᠠᠢ ᠮᠡᠬᠡᠯᠡᠯ ᠤᠨ ᠬᠡᠷᠡᠭ ᠤᠨ ᠵᠢᠱᠢᠶ᠎ᠡ ᠶᠢ ᠨᠡᠶᠢᠳᠡᠯᠡᠵᠦ᠂ ᠰᠢᠯᠭᠠᠭᠤᠯᠤᠬᠴᠢ ᠪᠠ ᠬᠡᠷ ᠤᠨ | ᠠᠬᠠᠮᠡᠳ ᠲᠤ ᠮᠡᠬᠡᠯᠡᠯ ᠤᠨ ᠦᠢᠯᠡ ᠠᠵᠢᠯᠯᠠᠭ᠎ᠠ ᠶᠢ ᠤᠨᠤᠪᠴᠢᠳᠠᠢ ᠢᠯᠭᠠᠨ ᠲᠠᠨᠢᠵᠦ᠂ ᠡᠷᠡᠮᠡᠯᠵᠡᠯ ᠲᠠᠬᠯᠠᠬᠤ ᠡᠯ᠎ᠡ ᠲᠦᠷᠦᠯ ᠤᠨ ᠵᠢᠯᠤᠭᠤᠳᠤᠯᠭ᠎ᠠ ᠵᠦᠪᠯᠡᠯᠬᠡ ᠳᠤ | ᠪᠤᠯᠭᠤᠮᠵᠢᠳᠠᠢ ᠬᠠᠨᠳᠤᠵᠦ᠂ ᠠᠵᠦ ᠠᠬᠤᠢ ᠶᠢᠨ ᠬᠤᠬᠢᠷᠠᠯ ᠪᠠ ᠡᠷᠡᠮᠡᠯᠵᠡᠯ ᠲᠠᠬᠯᠠᠬᠤ ᠠᠶᠦᠯ ᠲᠦᠭᠰᠢᠬᠦᠷᠢ ᠡᠬᠦᠰᠬᠦ ᠠᠴᠠ ᠵᠠᠶᠢᠯᠠᠰᠬᠢᠬᠦ ᠬᠡᠷᠡᠭᠳᠡᠢ ᠬᠡᠵᠦ ᠰᠠᠨᠠᠭᠤᠯᠪᠠ᠃ | | ᠵᠠᠷᠢᠮ ᠰᠦᠯᠵᠢᠶᠡᠨ ᠦᠷᠳᠡᠭᠡ ᠨᠢ ᠲᠤᠳᠤᠭᠠᠳᠤ ᠶᠢᠨ ᠲᠤᠭ᠎ᠠ ᠪᠠᠷᠢᠮᠳᠠ ᠶᠢ ᠡᠵᠡᠮᠰᠢᠵᠦ ᠪᠤᠢ ᠬᠡᠮᠡᠵᠦ᠂ ︽ᠰᠤᠷᠭᠠᠭᠤᠯᠢ ᠶᠢ ᠤᠨᠤᠪᠴᠢᠳᠠᠢ ᠲᠤᠬᠳᠠᠭᠠᠬᠤ︾᠂ ︽ | ᠨᠢᠬᠡ ᠬᠤᠪᠢ ᠶᠢ ᠴᠤ ᠪᠦᠷᠢᠯᠬᠡᠬᠦ ᠦᠬᠡᠢ︾ ᠬᠡᠬᠦ ᠮᠡᠳᠤ ᠪᠠᠷ ᠤᠬᠠᠭᠤᠯᠵᠦ ᠪᠠᠶᠢᠨ᠎ᠠ᠃ ᠡᠬᠦᠨ ᠤ ᠲᠤᠬᠠᠢ ᠰᠤᠷᠭᠠᠨ ᠬᠦᠮᠦᠵᠢᠯ ᠤᠨ ᠶᠠᠮᠦᠨ᠂ ᠵᠢᠯ ᠪᠦᠷᠢ ᠶᠢᠨ ᠶᠡᠭᠡ | ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠠᠵᠢᠯ ᠳᠤ᠂ ᠡᠯ᠎ᠡ ᠮᠤᠵᠢ ᠶᠢᠨ ᠱᠠᠳᠦᠨ ᠤ ᠰᠤᠷᠤᠬᠴᠢ ᠡᠯᠰᠡᠬᠦ | ᠰᠢᠯᠭᠠᠯᠳᠠ ᠶᠢᠨ ᠪᠠᠶᠢᠭᠤᠯᠦᠮᠵᠢ ᠨᠤᠭᠤᠳ ᠴᠦᠮ ᠨᠢᠬᠡᠳᠦᠯᠳᠡᠢ ᠰᠢᠯᠭᠠᠯᠳᠠ ᠶᠢᠨ ᠬᠢᠷᠢ ᠪᠦᠳᠦᠮᠵᠢ ᠶᠢ ᠪᠦᠷᠢᠳᠭᠡᠭᠰᠡᠨ ᠪᠠᠶᠢᠳᠠᠯ ᠪᠠ ᠤᠶᠢᠷ᠎ᠠ ᠶᠢᠨ ᠵᠢᠯ ᠤᠨ ᠡᠯ᠎ᠡ | ᠶᠡᠭᠡ ᠲᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠬᠤᠪᠢ ᠶᠢᠨ ᠪᠠᠶᠢᠳᠠᠯ ᠢ ᠨᠡᠶᠢᠳᠡᠯᠡᠳᠡᠭ᠃ ᠵᠠᠬ᠎ᠠ ᠲᠡᠯᠬᠡᠬᠦᠷ ᠤᠨ ᠪᠠᠶᠢᠭᠤᠯᠤᠮᠵᠢ ᠪᠤᠶᠤ ᠬᠤᠪᠢ ᠬᠦᠮᠦᠨ ᠶᠠᠮᠠᠷ | ᠴᠤ ᠤᠨᠴᠠᠭᠠᠢ ᠲᠤᠳᠤᠭᠠᠳᠤ ᠶᠢᠨ ᠮᠡᠳᠡᠭᠡ ᠵᠠᠩᠬᠢ ᠶᠢ ᠡᠵᠡᠮᠰᠢᠵᠦ ᠲᠡᠶᠢᠯᠬᠦ ᠦᠬᠡᠢ᠃ ᠢᠷᠡᠯᠳᠡ ᠨᠢ ᠲᠤᠳᠤ ᠪᠤᠰᠤ ᠰᠦᠯᠵᠢᠶᠡᠨ ᠦᠷᠳᠡᠭᠡ ᠳᠠᠬᠢ ᠬᠤᠯᠪᠤᠭᠠᠰᠦ ᠳᠤ | ᠤᠨᠠᠭᠤᠯᠢ ᠶᠢᠨ ᠸᠢᠷᠦ᠋ᠰ ᠨᠢᠭᠤᠬᠳᠠᠵᠦ᠂ ᠬᠤᠪᠢ ᠬᠦᠮᠦᠨ ᠤ ᠮᠡᠳᠡᠭᠡ ᠵᠠᠩᠬᠢ ᠪᠤᠶᠤ ᠪᠠᠩᠬᠢ ᠶᠢᠨ ᠺᠠᠷᠲ ᠤᠨ ᠨᠤᠮᠧᠷ ᠢᠶᠠᠨ ᠲᠠᠬᠯᠠᠵᠦ ᠤᠷᠤᠭᠤᠯᠪᠠᠯ ᠵᠤᠭᠤᠰ | ᠮᠦᠡᠭᠬᠦᠨ ᠤ ᠬᠤᠬᠢᠷᠠᠯ ᠠᠮᠰᠠᠵᠦ ᠮᠡᠳᠡᠨ᠎ᠡ᠃ ᠠᠯᠪᠠᠨ ᠤ ᠲᠠᠯ᠎ᠠ ᠶᠢᠨ ᠬᠤᠪᠢ ᠪᠠᠶᠢᠴᠠᠭᠠᠬᠤ ᠰᠢᠰᠲ᠋ᠧᠮ ᠳᠤ ᠢᠯᠡᠬᠦᠴᠡ ᠰᠢᠯᠭᠠᠨ ᠪᠠᠳᠦᠯᠠᠬᠤ ᠭᠤᠬᠴᠤᠭ᠎ᠠ ᠪᠠᠶᠢᠬᠤ | ᠦᠬᠡᠢ ᠬᠡᠵᠦ ᠢᠯᠡᠷᠬᠡᠶᠢᠯᠡᠪᠡ᠃ | ᠤᠶᠢᠷ᠎ᠠ ᠳᠤ ᠰᠤᠷᠭᠠᠨ ᠬᠦᠮᠦᠵᠢᠯ ᠤᠨ ᠶᠠᠮᠦᠨ ᠤ ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠡᠷᠡᠮᠡᠯᠵᠡᠯ | ᠲᠠᠬᠯᠠᠵᠦ ᠮᠡᠳᠡᠬᠦᠯᠬᠦ ᠮᠡᠳᠡᠭᠡ ᠵᠠᠩᠬᠢ ᠶᠢᠨ ᠦᠢᠯᠡᠴᠢᠯᠡᠬᠡᠨ ᠤ ᠰᠢᠰᠲ᠋ᠧᠮ ︽ᠨᠠᠷᠠᠨ ᠬᠡᠷᠡᠯᠳᠤ ᠡᠷᠡᠮᠡᠯᠵᠡᠯ︾ ᠢ ᠨᠢᠬᠡᠨᠳᠡ ᠰᠦᠯᠵᠢᠶᠡᠨ ᠳᠤ ᠨᠡᠪᠳᠡᠷᠡᠬᠦᠯᠵᠦ᠂ | ᠤᠶᠤᠨᠳᠤ ᠪᠠᠷ ᠡᠷᠡᠮᠡᠯᠵᠡᠯ ᠰᠤᠩᠭᠤᠬᠤ ᠵᠡᠷᠭᠡ 7 ᠭᠤᠤᠯᠯᠠᠬᠤ ᠴᠢᠳᠠᠮᠵᠢ ᠶᠢ ᠭᠠᠷᠭᠠᠬᠰᠠᠨ ᠪᠠᠶᠢᠨ᠎ᠠ᠃ ᠲᠤᠰ ᠰᠢᠰᠲ᠋ᠧᠮ ᠨᠢ ᠪᠦᠬᠦ ᠤᠯᠤᠰ ᠤᠨ ᠡᠩ ᠤᠨ ᠶᠡᠭᠡ | ᠲᠡᠭᠡᠳᠦ ᠰᠤᠷᠭᠠᠭᠤᠯᠢ ᠶᠢᠨ ᠦᠡᠭᠭᠡᠷᠡᠭᠰᠡᠨ ᠵᠢᠯ ᠤᠳ ᠤᠨ ᠰᠤᠷᠤᠬᠴᠢ ᠡᠯᠰᠡᠭᠰᠡᠨ ᠡᠷᠬᠡ ᠰᠦᠷᠳᠤ ᠲᠤᠭ᠎ᠠ ᠪᠠᠷᠢᠮᠳᠠ ᠶᠢ ᠡᠮᠬᠢᠯᠡᠨ ᠨᠡᠶᠢᠳᠬᠡᠵᠦ᠂ 2025 ᠤᠨ ᠤ | ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠰᠠᠨ ᠰᠢᠯᠭᠠᠭᠤᠯᠤᠬᠴᠢ ᠳᠤ ᠬᠠᠨᠳᠤᠭᠤᠯᠤᠨ ᠵᠢᠩᠬᠢᠨᠢ | ᠠᠩᠬᠢ ᠪᠠ ᠲᠤᠰᠬᠠᠢ ᠮᠡᠷᠬᠡᠵᠢᠯ ᠤᠨ ᠠᠩᠬᠢ ᠶᠢᠨ ᠡᠩ ᠤᠨ ᠪᠦᠯᠦᠭ ᠤᠳᠠᠭ᠎ᠠ ᠶᠢᠨ ᠡᠷᠡᠮᠡᠯᠵᠡᠯ ᠰᠤᠩᠭᠤᠬᠤ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠬᠡᠢ ᠪᠠᠷ | ᠬᠠᠨᠭ᠍ᠭᠠᠨ᠎ᠠ᠃ ᠰᠢᠯᠭᠠᠭᠤᠯᠤᠬᠴᠢ ᠬᠤᠪᠢ ᠬᠦᠮᠦᠨ ᠤ ᠰᠢᠯᠭᠠᠯᠳᠠ ᠶᠢᠨ ᠬᠢᠷᠢ ᠪᠦᠳᠦᠮᠵᠢ᠂ ᠪᠠᠶᠢᠷᠢ ᠶᠢᠨ ᠲᠠᠷᠠᠭᠠᠯᠠᠯ ᠢ ᠦᠨᠳᠦᠰᠦᠯᠡᠨ᠂ ᠦᠡᠭᠭᠡᠷᠡᠭᠰᠡᠨ ᠵᠢᠯ ᠤᠳ ᠤᠨ | ᠡᠯᠰᠡᠭᠰᠡᠨ ᠪᠠᠶᠢᠳᠠᠯ᠂ ᠶᠡᠭᠡ ᠲᠡᠭᠡᠳᠦ ᠰᠤᠷᠭᠠᠭᠤᠯᠢ ᠵᠢᠴᠢ ᠲᠤᠰᠬᠠᠢ ᠮᠡᠷᠬᠡᠵᠢᠯ ᠤᠨ ᠬᠠᠨᠤᠮᠵᠢ ᠶᠢᠨ ᠬᠡᠮᠵᠢᠶ᠎ᠡ᠂ ᠠᠵᠢᠯ ᠤᠯᠤᠬᠰᠠᠨ ᠪᠠᠶᠢᠳᠠᠯ ᠵᠡᠷᠭᠡ ᠤᠯᠠᠨ | ᠲᠠᠯ᠎ᠠ ᠶᠢᠨ ᠲᠤᠭ᠎ᠠ ᠪᠠᠷᠢᠮᠳᠠ ᠪᠠᠷ ᠯᠠᠪᠯᠠᠯᠳᠠ ᠪᠤᠯᠭᠠᠵᠦ᠂ ᠬᠤᠪᠢ ᠬᠦᠮᠦᠨ ᠤ ᠬᠦᠰᠡᠯ ᠵᠤᠷᠢᠯᠳᠠ ᠲᠠᠢ ᠪᠠᠨ ᠤᠶᠠᠯᠳᠤᠭᠤᠯᠤᠨ ᠡᠷᠡᠮᠡᠯᠵᠡᠯ ᠰᠤᠩᠭᠤᠨ ᠲᠠᠬᠯᠠᠵᠦ | ᠪᠤᠯᠤᠨ᠎ᠠ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |