5 ᠰᠠᠷ᠎ᠠ ᠶᠢᠨ 12 ᠤᠨ ᠡᠳᠦᠷ᠂ ᠭᠡᠭᠡᠨ ᠭᠤᠣᠯ ᠬᠤᠳᠠ ᠶᠢᠨ 2025 ᠣᠨ ᠤ ᠭᠤᠷᠪᠠᠳᠤᠭᠠᠷ ᠤᠳᠠᠭ᠎ᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠵᠠᠩ ᠬᠤᠸᠠ ᠬᠤᠷᠠᠯ ᠢ ᠡᠷᠭᠢᠯᠡᠪᠡ᠃ | ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠰᠡᠳᠬᠢᠴᠡ᠂ ᠴᠢᠳᠠᠮᠵᠢ ᠶᠢᠨ ᠪᠠᠶᠢᠷᠢ ᠲᠣᠭᠲᠠᠭᠠᠯᠲᠠ᠂ | ᠣᠷᠣᠨ ᠵᠠᠢ ᠶᠢᠨ ᠪᠠᠶᠢᠷᠢᠰᠢᠭᠤᠯᠤᠯᠲᠠ ᠵᠡᠷᠭᠡ ᠶᠢᠨ ᠲᠣᠭᠤᠷᠢᠨ ᠳᠤ ᠭᠦᠢᠴᠡᠳ ᠶᠠᠷᠢᠯᠴᠠᠪᠠ᠃ ᠬᠤᠷᠠᠯ ᠠᠴᠠ ᠵᠠᠷᠴᠢᠮ ᠳᠡᠭᠡᠷ᠎ᠡ ᠪᠠᠨ ᠥᠪᠥᠷ ᠮᠣᠩᠭᠤᠯ ᠤᠨ ᠭᠡᠭᠡᠨ | ᠭᠤᠣᠯ ᠤᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠤᠢ ᠰᠢᠭᠤᠢ ᠶᠢᠨ ᠠᠵᠤ ᠦᠢᠯᠡᠰᠵᠢᠯᠲᠡ ᠶᠢᠨ ᠪᠡᠯᠡ ᠮᠥᠩᠭᠦ ᠶᠢᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ - ᠬᠦᠢᠲᠡᠨ ᠬᠥᠮᠥᠷᠭᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠥᠪᠥᠷ ᠮᠣᠩᠭᠤᠯ ᠤᠨ ᠤᠢ ᠰᠢᠭᠤᠢ ᠶᠢᠨ | ᠠᠵᠤ ᠦᠢᠯᠡᠳᠪᠦᠷᠢ ᠶᠢᠨ ᠪᠦᠯᠦᠭᠯᠡᠯ ᠤᠨ ᠨᠠᠷᠠᠰᠤᠨ ᠮᠠᠲ᠋ᠧᠷᠢᠶᠠᠯ ᠤᠨ ᠤᠲᠠᠰᠤᠯᠢᠭ ᠬᠤᠷᠣᠬᠠᠶᠢᠲᠤ ᠡᠪᠡᠳᠴᠢᠨ ᠵᠡᠷᠭᠡ ᠤᠢ ᠰᠢᠭᠤᠢ ᠶᠢᠨ ᠬᠦᠨᠳᠦ ᠶᠡᠭᠡ ᠬᠥᠨᠥᠭᠡᠯᠲᠦ | ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ - ᠭᠡᠭᠡᠨ ᠭᠤᠣᠯ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ | ᠡᠵᠡᠮᠳᠡᠬᠦ ᠡᠳ᠋ ᠪᠣᠳᠠᠰ ᠨᠥᠭᠡᠴᠡᠯᠡᠬᠦ ᠬᠥᠮᠥᠷᠭᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠥᠪᠥᠷ ᠮᠣᠩᠭᠤᠯ ᠤᠨ ᠮᠠᠨᠬᠥ᠋ᠢ ᠤᠢ ᠰᠢᠭᠤᠢ ᠶᠢᠨ | ᠲᠣᠪᠴᠢᠶ᠎ᠠ ᠶᠢᠨ ᠤᠢ ᠰᠢᠭᠤᠢ ᠶᠢᠨ ᠭᠠᠯ ᠰᠡᠷᠭᠡᠶᠢᠯᠡᠬᠦ ᠠᠶᠤᠯ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ᠂ ᠶᠡᠭᠡ ᠬᠢᠩᠭᠠᠨ ᠳᠠᠪᠠᠭᠠᠨ ᠤ ᠰᠢᠭᠤᠶᠢᠲᠤ ᠣᠷᠣᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠩᠨᠡᠭᠡ ᠶᠢᠨ ᠰᠠᠭᠤᠭ᠎ᠠ ᠭᠠᠵᠠᠷ | ᠵᠢᠴᠢ ᠤᠷᠢᠳᠴᠢᠯᠠᠨ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠠᠨ ᠮᠠ ᠤᠯᠤᠰ ᠤᠨ ᠲᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠤᠪᠴᠢᠶ᠎ᠠ 2025 ᠣᠨ ᠤ ᠥᠪᠡᠷ ᠢᠶᠠᠨ ᠪᠡᠯᠡ ᠮᠥᠩᠭᠦ ᠴᠤᠭᠯᠠᠭᠤᠯᠬᠤ ᠪᠦᠳᠦᠭᠡᠨ ᠪᠠᠶᠢᠭᠤᠯᠤᠯᠲᠠ ᠶᠢᠨ | ᠲᠦᠷᠦᠯ ᠵᠦᠢᠯ ᠵᠡᠷᠭᠡ ᠲᠠᠪᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠪᠠᠲᠤᠯᠠᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠲᠡᠰ ᠳᠠᠷᠠᠭᠠᠯᠠᠯ ᠶᠣᠰᠣᠭᠠᠷ᠂ ᠲᠥᠯᠥᠪᠵᠢᠭᠦᠯᠭᠡ ᠶᠢᠨ ᠲᠦᠷᠦᠯ ᠵᠦᠢᠯ ᠢ ᠬᠠᠤᠯᠢ ᠶᠣᠰᠣᠭᠠᠷ | ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ |