6 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠦᠨ ᠯᠸᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠣᠳᠠᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠶᠡᠭᠡ | ᠠᠴᠢ ᠬᠤᠯᠪᠣᠭᠳᠠᠯ ᠪᠣᠯᠤᠨ ᠠᠯᠤᠰ ᠬᠡᠳᠤ ᠶᠢᠨ ᠨᠥᠯᠥᠭᠡ ᠶᠢ ᠭᠦᠨᠵᠡᠭᠡᠢ ᠲᠠᠨᠢᠵᠤ᠂ ᠲᠥᠪ ᠪᠤᠰᠤ ᠰᠤᠷᠲᠠᠯ ᠢ ᠡᠷᠡᠰ ᠬᠤᠷᠢᠭᠯᠠᠨ ᠵᠣᠭᠰᠣᠭᠠᠵᠤ᠂ ᠲᠤᠰ | ᠤᠳᠠᠭ᠎ᠠ ᠶᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠨ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠯᠤᠰ ᠲᠦᠷᠦ ᠶᠢᠨ ᠦᠨᠳᠦᠷᠴᠡ ᠠᠴᠠ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠬᠦᠨᠳᠦ ᠨᠣᠴᠢᠲᠠᠢ ᠬᠤᠣᠷ ᠬᠥᠨᠥᠭᠡᠯ ᠢ ᠭᠦᠨᠵᠡᠭᠡᠢ ᠲᠠᠨᠢᠵᠦ᠂ ᠦᠵᠡᠯ ᠰᠠᠨᠠᠭ᠎ᠠ ᠪᠠᠨ ᠳᠡᠭᠡᠳᠦ | ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠨᠡᠩ ᠤᠯᠠᠨ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ | ᠳᠡᠭᠡᠷ᠎ᠡ ᠲᠥᠪᠯᠡᠷᠡᠭᠦᠯᠵᠦ᠂ ᠡᠯ᠎ᠡ ᠵᠦᠢᠯ ᠤᠨ ᠣᠨ ᠤ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ᠂ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠬᠦᠷᠢᠶ᠎ᠡ᠂ | ᠲᠤᠪᠤᠶᠢᠮ᠎ᠠ ᠠᠰᠠᠭᠤᠳᠠᠯ ᠢ ᠨᠢᠭᠲᠠ ᠠᠩᠬᠠᠷᠴᠤ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠠᠰᠠᠭᠤᠳᠠᠯ ᠢ ᠢᠯᠡᠷᠡᠭᠦᠯᠵᠦ᠂ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠡᠷᠡᠰ ᠴᠢᠩᠭ᠎ᠠ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠵᠦ᠂ ᠴᠡᠭᠴᠡᠯᠡᠨ ᠵᠠᠰᠠᠬᠤ ᠠᠵᠢᠯ ᠢ ᠬᠠᠰᠢ ᠶᠠᠰᠢ ᠥᠩᠭᠡᠷᠡᠭᠦᠯᠬᠦ ᠦᠭᠡᠢ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠪᠣᠯᠤᠨ ᠰᠠᠯᠠᠭ᠎ᠠ ᠮᠥᠴᠢᠷ ᠢ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠳᠠᠮᠵᠢᠭᠤᠯᠬᠤ᠂ ᠳᠠᠷᠤᠯᠲᠠ ᠶᠢ | ᠱᠠᠳᠤ ᠱᠠᠳᠤ ᠪᠠᠷ ᠪᠣᠳᠠᠲᠠᠶᠢᠵᠢᠭᠤᠯᠬᠤ ᠶᠢ ᠪᠠᠲᠤᠯᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠬᠤ ᠬᠡᠷᠡᠭᠲᠡᠢ᠃ |