6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠤᠭᠤᠳᠬᠤ | ᠳᠤᠭᠤᠶᠢᠯᠠᠩ ᠤᠨ ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠨᠠᠭᠰᠢᠳᠠ ᠪᠠᠶᠢᠷᠢᠯᠠᠭᠤᠯᠵᠤ᠂ ᠮᠠᠨ ᠤ ᠣᠷᠣᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ | ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠠᠬᠢᠭᠤᠯᠵᠤ ᠪᠠᠶᠢᠭ᠎ᠠ ᠵᠠᠩᠭᠢᠯᠠᠭ᠎ᠠ ᠶᠢᠨ ᠱᠠᠲᠤᠨ ᠳᠤ᠂ ᠨᠠᠮ ᠤᠨ ᠲᠥᠪ ᠬᠤᠷᠢᠶ᠎ᠠ ᠠᠴᠠ ᠵᠢᠭᠠᠨ ᠵᠢᠯᠤᠭᠤᠳᠬᠤ ᠳᠤᠭᠤᠶᠢᠯᠠᠩ ᠲᠣᠮᠢᠯᠠᠨ ᠥᠪᠥᠷ ᠮᠣᠩᠭᠤᠯ ᠳᠤ | ᠢᠷᠡᠭᠦᠯᠵᠦ ᠠᠵᠢᠯ ᠥᠷᠨᠢᠭᠦᠯᠬᠦ ᠨᠢ ᠪᠢᠳᠡᠨ ᠢ ᠱᠠᠯᠠᠪᠳᠠᠭᠤᠯᠵᠤ ᠪᠠᠶᠢᠬᠤ ᠮᠥᠷᠲᠡᠭᠡᠨ ᠪᠠᠰᠠ ᠬᠠᠯᠠᠮᠵᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠡᠯ᠎ᠡ ᠱᠠᠲᠤᠨ ᠤ ᠬᠢᠨ | ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠲᠠᠢ ᠦᠨᠡᠨ ᠬᠦ ᠨᠢᠭᠲᠠ ᠬᠠᠮᠵᠢᠯᠴᠠᠵᠤ᠂ ᠨᠢᠭᠡ ᠰᠡᠳᠦᠪ ᠲᠤ ᠬᠠᠮᠲᠤ ᠪᠠᠷ ᠬᠠᠷᠢᠭᠤᠯᠲᠠ | ᠥᠭᠬᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠤᠯᠠᠮ ᠰᠠᠶᠢᠲᠤᠷ ᠬᠢᠵᠦ᠂ ᠰᠤᠷᠲᠠᠯ ᠤᠨ ᠪᠠᠶᠢᠭᠤᠯᠤᠯᠲᠠ ᠶᠢᠨ | ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠳᠤᠷᠢᠳᠬᠤ | ᠪᠠᠭ ᠤᠨ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠳᠠᠷᠤᠯᠲᠠ ᠶᠢ ᠱᠠᠲᠤ ᠱᠠᠲᠤ ᠪᠠᠷ | ᠳᠠᠮᠵᠢᠭᠤᠯᠵᠤ᠂ ᠡᠴᠦᠰ ᠲᠤᠨᠢ ᠲᠤᠯᠲᠠᠯ᠎ᠠ᠂ ᠥᠨᠴᠥᠭ ᠪᠤᠯᠤᠩ ᠦᠯᠡᠳᠡᠭᠡᠯ ᠦᠭᠡᠢ ᠪᠠᠷ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠬᠦᠴᠦᠨ ᠢ ᠰᠠᠶᠢᠲᠤᠷ ᠠᠰᠢᠭᠯᠠᠵᠤ ᠳᠤᠲᠠᠭᠤᠳᠠᠯ ᠢᠶᠠᠨ ᠨᠥᠬᠦᠪᠦᠷᠢᠯᠡᠨ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠶᠠᠰᠤ ᠴᠢᠨᠠᠷ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠪᠣᠳᠠᠲᠠᠢ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠯᠠᠨ ᠠᠷᠭ᠎ᠠ ᠵᠠᠮ ᠤᠯᠠᠨ ᠭᠡᠯᠪᠡᠷᠢ ᠪᠠᠷ ᠠᠰᠠᠭᠤᠳᠠᠯ ᠢ ᠲᠦᠢᠯᠪᠤᠷᠢᠲᠠᠢ | ᠪᠠᠶᠢᠴᠠᠭᠠᠵᠤ᠂ ᠠᠰᠠᠭᠤᠳᠠᠯ ᠢ ᠵᠠᠳᠠᠯᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠣᠳᠣᠬᠠᠨ ᠳᠤ ᠴᠡᠭᠴᠡᠯᠡᠨ ᠰᠠᠶᠢᠵᠢᠷᠠᠭᠤᠯᠵᠤ ᠳᠡᠶᠢᠯᠭᠦ ᠶᠢ ᠨᠢ ᠪᠠᠷᠢᠨ | ᠴᠡᠭᠴᠡᠯᠡᠨ ᠰᠠᠶᠢᠵᠢᠷᠠᠭᠤᠯᠵᠤ᠂ ᠠᠪᠤᠨ ᠳᠣᠣᠷ᠎ᠠ ᠪᠠᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠤᠷᠳᠤ ᠬᠤᠭᠤᠴᠠᠭ᠎ᠠ ᠪᠠᠷ ᠪᠣᠭᠤᠮᠲᠠ ᠰᠢᠪᠲᠤᠯᠬᠤ | ᠴᠢᠬᠤᠯᠠᠲᠠᠢ ᠶᠢ ᠨᠢ ᠵᠦᠢ ᠵᠣᠬᠢᠰᠲᠠᠢ ᠲᠥᠯᠥᠪᠵᠢᠭᠦᠯᠦᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠯᠬᠤᠮ ᠠᠯᠬᠤᠮ ᠢᠶᠠᠷ ᠯᠠᠪᠳᠠᠭᠤᠨ ᠤᠷᠤᠭᠰᠢᠯᠠᠬᠤ ᠬᠡᠷᠡᠭᠲᠡᠢ | ᠃ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠬᠡᠷᠡᠭᠵᠢᠭᠦᠯᠵᠦ ᠪᠣᠯᠬᠤᠶᠢᠴᠠ ᠳᠦᠷᠢᠮ ᠢ ᠲᠣᠭᠲᠠᠭᠠᠬᠤ ᠶᠢᠨ ᠬᠠᠮᠲᠤ ᠬᠠᠲᠠᠭᠤ | ᠬᠡᠷᠡᠭᠵᠢᠭᠦᠯᠦᠯᠲᠡ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦᠨ ᠠᠴᠠ ᠨᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ᠃ ᠵᠢᠭᠠᠨ ᠵᠢᠯᠤᠭᠤᠳᠬᠤ | ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ | ᠵᠠᠰᠠᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠠᠮᠤᠷ ᠲᠦᠪᠰᠢᠨ ᠲᠣᠭᠲᠠᠭᠤᠨ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠨᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠡᠭᠦᠰᠴᠡᠢ᠂ ᠡᠨᠡ ᠪᠣᠯ ᠬᠠᠤᠯᠢ ᠴᠠᠭᠠᠵᠠ | ᠰᠠᠬᠢᠯᠭ᠎ᠠ ᠪᠠᠲᠤ ᠶᠢ ᠬᠠᠶᠢᠬᠤᠷᠬᠤ ᠦᠭᠡᠢ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠪᠣᠯᠣᠨ᠎ᠠ᠂ ᠲᠦᠢᠯ ᠤᠨ ᠮᠠᠭᠤ | ᠨᠥᠯᠥᠭᠡ ᠲᠠᠢ ᠪᠥᠭᠡᠳ ᠲᠦᠢᠯ ᠤᠨ ᠬᠠᠷᠠᠰᠠᠯᠲᠠᠢ ᠰᠤᠷᠭᠠᠮᠵᠢ ᠪᠣᠯᠣᠨ᠎ᠠ᠃ ᠬᠤᠷᠠᠯ ᠳᠤ ᠣᠷᠣᠯᠴᠠᠬᠰᠠᠨ ᠨᠥᠬᠦᠳ ᠶᠠᠷᠢᠯᠴᠠᠬᠤ ᠪᠠᠷ ᠲᠠᠮᠵᠢᠨ᠂ ᠪᠡᠶ᠎ᠡ ᠪᠠᠷ ᠢᠶᠠᠨ ᠬᠡᠪ | ᠳᠠᠭᠤᠷᠢᠶᠠᠯ ᠪᠣᠯᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ | ᠲᠦᠷᠦᠭᠦᠯᠡᠨ ᠡᠰᠡᠷᠭᠦᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠡᠯ᠎ᠡ ᠱᠠᠲᠤᠨ ᠤ ᠬᠢᠨ ᠬᠡᠷᠡᠭ ᠢᠶᠠᠷ ᠲᠣᠯᠢ ᠪᠤᠯᠭᠠᠬᠤ ᠶᠢ ᠴᠢᠩᠭᠠᠳᠬᠠᠵᠤ᠂ ᠭᠦᠨᠵᠡᠭᠡᠢ | ᠰᠤᠷᠭᠠᠮᠵᠢ ᠠᠪᠴᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠭᠦᠨᠵᠡᠭᠡᠢ ᠪᠠᠶᠢᠴᠠᠭᠠᠨ ᠡᠷᠭᠢᠴᠡᠭᠦᠯᠦᠨ ᠲᠤᠩᠭᠠᠵᠤ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠠᠰᠠᠭᠤᠳᠠᠯ ᠤᠨ ᠮᠥᠨ ᠴᠢᠨᠠᠷ ᠪᠠ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠡᠪᠴᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠬᠦᠴᠦᠲᠡᠢ ᠠᠬᠢᠭᠤᠯᠵᠤ᠂ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠭᠰᠡᠳ ᠢ ᠨᠢᠭᠡ ᠶᠢ ᠢᠯᠡᠷᠡᠭᠦᠯᠪᠡᠯ ᠨᠢᠭᠡ ᠶᠢ | ᠪᠠᠶᠢᠴᠠᠭᠠᠨ ᠰᠢᠢᠳᠪᠦᠷᠢᠯᠡᠵᠦ᠂ ︽ᠤᠬᠲᠤ ᠠᠭᠤᠴᠢᠯᠠᠬᠤ ᠦᠭᠡᠢ︾ ᠪᠠᠶᠢᠬᠤ ᠶᠢ ᠢᠯᠡᠷᠡᠭᠦᠯᠵᠦ᠂ ᠴᠢᠩᠭ᠎ᠠ ᠰᠦᠷᠳᠡᠭᠦᠯᠦᠯ ᠢ ᠪᠤᠶ ᠪᠤᠯᠭᠠᠬᠤ ᠬᠡᠷᠡᠭᠲᠡᠢ᠃ ᠵᠠᠯᠬᠠᠭᠠᠬᠤ | ᠂ ᠵᠠᠰᠠᠬᠤ᠂ ᠰᠡᠷᠭᠡᠶᠢᠯᠡᠬᠦ ᠶᠢ ᠨᠢᠭᠡ ᠴᠣᠭᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠳᠦᠷᠢᠮ ᠤᠨ ᠳᠤᠲᠠᠭᠤᠳᠠᠯ ᠪᠣᠯᠣᠨ ᠬᠢᠨᠠᠯᠲᠠ ᠬᠠᠮᠢᠶᠠᠷᠤᠯᠲᠠ ᠶᠢᠨ | ᠳᠤᠲᠠᠭᠳᠠᠯ ᠳᠤ ᠴᠢᠭᠯᠡᠭᠦᠯᠦᠨ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ︽ᠬᠤᠷᠴᠠ ᠢᠷᠲᠦ︾ ᠬᠠᠲᠠᠭᠤ ᠪᠠᠷᠢᠮᠵᠢᠶ᠎ᠠ ᠶᠢ ᠲᠦᠷᠭᠡᠨ | ᠲᠣᠭᠲᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |