6 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠪᠣᠯᠭᠠᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠯᠢᠦ ᠱᠤᠸᠠᠩ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠵᠡᠷᠭᠡ ᠬᠠᠤᠯᠢ ᠲᠣᠭᠲᠠᠭᠠᠯ ᠤᠨ ᠪᠢᠴᠢᠭ | ᠮᠠᠲ᠋ᠧᠷᠢᠶᠠᠯ ᠳᠠᠬᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠠᠭᠠᠵᠠᠯᠠᠬᠤ ᠲᠤᠬᠠᠢ ᠬᠠᠮᠢᠶ᠎ᠠ ᠪᠦᠬᠦᠢ ᠲᠣᠭᠲᠠᠭᠠᠯ ᠢ ᠳᠠᠭᠠᠭᠤᠯᠤᠨ ᠰᠤᠷᠤᠯᠴᠠᠵᠤ᠂ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠦᠭᠡ ᠬᠡᠯᠡᠪᠡ᠃ | ᠰᠦᠨ ᠱᠤᠤ ᠴᠧᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠵᠢᠷᠭᠠᠨ ᠴᠡᠩᠭᠡᠬᠦ ᠦᠵᠡᠯ ᠪᠣᠯᠣᠨ ᠱᠠᠯᠢᠨ ᠪᠦᠷᠢᠯᠭᠡᠬᠦ ᠰᠤᠷᠲᠠᠯ ᠢ ᠴᠡᠭᠴᠡᠯᠡᠨ | ᠵᠠᠯᠠᠷᠠᠭᠤᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠡᠭᠴᠡᠯᠡᠨ ᠵᠠᠰᠠᠬᠤ ᠶᠢ | ᠢᠮᠠᠭᠲᠠ ᠳᠡᠭᠡᠳᠦ ᠬᠡᠮᠵᠢᠶ᠎ᠡ ᠪᠠᠷ ᠠᠩᠬᠠᠷᠴᠤ᠂ ᠡᠭᠦᠨ ᠤ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ | ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠴᠢᠬᠤᠯᠠ ᠵᠢᠷᠤᠮᠯᠠᠯ ᠬᠠᠩᠭᠠᠵᠠᠢ᠃ ᠪᠢᠳᠡ ᠪᠠᠷᠢᠮᠵᠢᠶᠠᠯᠠᠨ ᠬᠠᠷᠭᠤᠭᠤᠯᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠡᠷᠡᠰ ᠪᠠᠲᠤ ᠡᠷᠡᠰ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠲᠠᠰᠤ ᠬᠤᠷᠢᠭᠯᠠᠬᠤ | ᠬᠡᠷᠡᠭᠲᠡᠢ ᠭᠡᠵᠡᠢ᠃ | ᠰᠦᠨ ᠱᠤᠤ ᠴᠧᠩ ᠮᠠᠨ ᠤ ᠨᠠᠮ ᠤᠨ ᠱᠠᠯᠢᠨ ᠪᠦᠷᠢᠯᠭᠡᠬᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠡᠰᠡᠷᠭᠦᠴᠡᠭᠰᠡᠨ ᠥᠩᠭᠡᠷᠡᠯᠲᠡ ᠶᠢ | ᠡᠷᠭᠢᠴᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠢᠯᠡᠷᠡᠯ ᠵᠢᠴᠢ ᠬᠤᠣᠷ ᠬᠥᠨᠥᠭᠡᠯ ᠢ ᠵᠠᠳᠠᠯᠪᠠ᠃ ᠲᠡᠷᠡ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠨᠢ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠬᠦᠨᠳᠦ ᠨᠣᠴᠢᠲᠠᠢ ᠲᠡᠷᠰᠯᠡᠵᠦ᠂ ᠮᠠᠨ ᠤ ᠨᠠᠮ ᠤᠨ ᠢᠮᠠᠭᠲᠠ ᠡᠰᠡᠷᠭᠦᠴᠡᠵᠦ᠂ | ᠢᠮᠠᠭᠲᠠ ᠴᠡᠭᠴᠡᠯᠡᠨ ᠵᠠᠯᠠᠷᠠᠭᠤᠯᠤᠭᠰᠠᠭᠠᠷ ᠢᠷᠡᠭᠰᠡᠨ ᠠᠷᠬᠠᠭ ᠭᠡᠮ ᠪᠣᠯᠣᠨ᠎ᠠ᠃ ᠡᠨᠡ ᠬᠦ ᠠᠰᠠᠭᠤᠳᠠᠯ ᠢ ᠣᠯᠠᠨᠲᠠ ᠬᠤᠷᠢᠭᠯᠠᠭᠰᠠᠨ ᠴᠤ ᠪᠦᠷᠢᠮᠦᠰᠦᠨ ᠠᠷᠢᠯᠭᠠᠬᠤ ᠳᠤ | ᠪᠡᠷᠬᠡ ᠪᠠᠶᠢᠳᠠᠭ ᠤᠨ ᠦᠨᠳᠦᠰᠦ ᠰᠢᠯᠲᠠᠭᠠᠨ ᠨᠢ ᠵᠠᠷᠢᠮ ᠨᠠᠮ ᠤᠨ ᠭᠡᠰᠢᠭᠦᠨ ᠺᠠᠳ᠋ᠷ ᠲᠡᠭᠦᠨ ᠤ ᠬᠤᠣᠷ ᠬᠥᠨᠥᠭᠡᠯ ᠤᠨ ᠲᠤᠬᠠᠢ ᠲᠠᠨᠢᠯᠲᠠ ᠭᠦᠨᠵᠡᠭᠡᠢ ᠪᠢᠰᠢ᠂ ᠲᠤᠰ | ᠪᠡᠶ᠎ᠡ ᠶᠢᠨ ᠨᠠᠮᠴᠢ ᠴᠢᠨᠠᠷ ᠤᠨ ᠬᠡᠪ ᠪᠣᠯᠪᠠᠰᠤᠷᠠᠯ ᠴᠢᠩᠭ᠎ᠠ ᠪᠢᠰᠢ ᠪᠠᠶᠢᠬᠤ ᠳᠤ ᠪᠤᠢ᠂ ᠡᠷᠬᠡᠪᠰᠢ ᠡᠪᠡᠳᠴᠢᠨ ᠳᠤᠨᠢ ᠲᠠᠭᠠᠷᠠᠭᠤᠯᠤᠨ ᠡᠮᠨᠡᠨ ᠵᠠᠰᠠᠵᠤ᠂ ᠤᠯᠠᠨ | ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠨ᠂ ᠡᠴᠦᠰ ᠲᠤᠨᠢ ᠲᠤᠯᠲᠠᠯ᠎ᠠ ᠴᠢᠩᠭ᠎ᠠ ᠪᠠᠶᠢᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ᠂ | ᠴᠢᠩᠭ᠎ᠠ ᠪᠠᠶᠢᠬᠤ ᠠᠭᠤᠷ ᠠᠮᠢᠰᠬᠤᠯ᠂ ᠴᠢᠩᠭ᠎ᠠ ᠪᠠᠶᠢᠬᠤ ᠠᠷᠭ᠎ᠠ ᠬᠡᠮᠵᠢᠶ᠎ᠡ ᠶᠢ ᠱᠠᠲᠤ ᠱᠠᠲᠤ ᠪᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷ ᠪᠠ ᠠᠯᠪᠠᠨ | ᠲᠤᠰᠢᠶᠠᠯᠲᠠᠨ ᠪᠦᠷᠢ ᠶᠢᠨ ᠰᠡᠳᠬᠢᠯ ᠤᠨ ᠤᠭ ᠠᠴᠠ ᠪᠠᠨ ᠪᠢᠰᠢᠷᠡᠨ ᠵᠢᠷᠦᠬᠡᠰᠢᠶᠡᠵᠦ᠂ ᠲᠣᠭᠲᠠᠭᠠᠯ ᠠᠴᠠ ᠵᠥᠷᠢᠴᠡᠬᠦ ᠦᠶ᠋ᠯᠡ ᠠᠵᠢᠯᠯᠠᠭ᠎ᠠ ᠪᠠᠨ ᠵᠣᠭᠰᠤᠭᠠᠬᠤ ᠶᠢ | ᠪᠡᠶᠡᠯᠡᠭᠦᠯᠬᠦ ᠬᠡᠷᠡᠭᠲᠡᠢ᠃ ᠳᠦᠷᠢᠮ ᠤᠨ ᠰᠢᠩᠭᠡᠯᠢᠭ ᠢ ᠨᠢᠭᠲᠠ ᠰᠦᠯᠵᠢᠬᠦ ᠪᠠ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠬᠤ ᠲᠠᠯ᠎ᠠ ᠪᠠᠷ ᠬᠠᠮᠵᠢᠯᠴᠠᠨ | ᠬᠦᠴᠦᠯᠡᠬᠦ ᠶᠢ ᠪᠠᠷᠢᠮᠲᠠᠯᠠᠵᠤ᠂ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠨ᠂ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ | ᠵᠣᠬᠰᠣᠬᠤ ᠦᠭᠡᠢ ᠪᠠᠶᠢᠬᠤ ᠶᠢ ᠲᠠᠰᠤ ᠬᠤᠷᠢᠭᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠠᠷᠪᠢᠴᠢ ᠲᠦᠭᠦᠮ ᠪᠥᠭᠡᠳ | ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠡᠷᠡᠭᠦᠯ᠂ ᠪᠣᠯᠪᠠᠰᠤᠨ ᠢᠶᠠᠷ ᠬᠤᠭᠤᠯᠠᠯᠠᠬᠤ ᠠᠮᠢᠳᠤᠷᠠᠯ ᠤᠨ ᠳᠠᠳᠬᠠᠯ ᠢ ᠰᠠᠨᠠᠭᠠᠴᠢᠯᠠᠵᠤ᠂ ᠡᠷᠡᠭᠦᠯ ᠰᠠᠷᠠᠭᠤᠯ | ᠠᠵᠢᠯᠯᠠᠬᠤ ᠭᠡᠯᠪᠡᠷᠢ ᠪᠠ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠬᠤ ᠬᠡᠷᠡᠭᠲᠡᠢ ᠭᠡᠵᠡᠢ᠃ | ᠰᠦᠨ ᠱᠤᠤ ᠴᠧᠩ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠶᠢᠨ ᠵᠣᠷᠢᠯᠭ᠎ᠠ ᠪᠣᠯ ᠠᠯᠪᠠᠨ ᠶᠠᠪᠤᠳᠠᠯ ᠤᠨ ᠦᠶ᠋ᠯᠡ | ᠠᠵᠢᠯᠯᠠᠭ᠎ᠠ ᠶᠢ ᠵᠢᠷᠤᠮᠵᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠳᠠᠯᠠᠬᠤ ᠶᠢᠨ ᠲᠥᠯᠥᠭᠡ ᠶᠤᠮ᠂ ᠬᠠᠷᠢᠨ ᠬᠥᠮᠥᠰ ᠤᠨ ᠬᠤᠭᠤᠷᠣᠨᠳᠣᠭᠢ | ᠬᠡᠪ ᠤᠨ ᠶᠠᠪᠤᠯᠴᠠᠭ᠎ᠠ ᠶᠢ ᠬᠤᠷᠢᠭᠯᠠᠵᠤ᠂ ᠬᠥᠮᠥᠰ ᠤᠨ ᠠᠵᠤ ᠤᠨᠳᠤᠷᠤᠯᠭ᠎ᠠ ᠶᠢᠨ ᠭᠦᠷ ᠨᠠᠷᠭᠢᠶᠠᠨᠲᠤ ᠪᠠᠶᠢᠳᠠᠯ ᠢ ᠥᠩᠭᠡ ᠠᠯᠳᠠᠭᠤᠯᠬᠤ ᠶᠢᠨ ᠲᠥᠯᠥᠭᠡ ᠪᠢᠰᠢ ᠶᠤᠮ᠃ | ᠤᠨᠢᠨ ᠳᠡᠭᠡᠷ᠎ᠡ ᠨᠢ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠬᠡᠪ ᠤᠨ ᠢᠳᠡᠭᠡᠨ ᠤᠮᠳᠠᠭᠠᠨ ᠤ ᠬᠡᠷᠡᠭᠯᠡᠭᠡ ᠶᠢᠨ ᠵᠠᠭᠠᠭ | ᠬᠢᠵᠠᠭᠠᠷ ᠢ ᠲᠣᠳᠣᠷᠬᠠᠢ ᠪᠤᠯᠭᠠᠬᠤ ᠬᠡᠷᠡᠭᠲᠡᠢ᠂ ᠪᠦᠭᠦᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠪᠤᠯᠬᠤ ᠦᠭᠡᠢ᠂ ᠱᠠᠲᠤ ᠱᠠᠲᠤ ᠪᠠᠷ ᠳᠠᠷᠤᠭᠠᠰᠤ ᠥᠭᠬᠦ᠂ ᠨᠢᠭᠡ ᠯᠡ | ᠠᠳᠠᠯᠢ ᠪᠠᠷ ᠱᠠᠭᠠᠷᠳᠠᠬᠤ ᠶᠢ ᠰᠡᠷᠭᠡᠶᠢᠯᠡᠬᠦ ᠬᠡᠷᠡᠭᠲᠡᠢ ᠭᠡᠵᠡᠢ᠃ |