6 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ | ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠵᠠᠷᠯᠠᠨ ᠨᠡᠶᠢᠲᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ | ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠦ᠂ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠨᠠᠮᠪᠠ᠂ ᠡᠯᠪᠡᠭ ᠪᠠᠶᠠᠯᠢᠭ | ᠤᠳᠤᠷᠢᠳᠬᠤ ᠲᠤᠷᠰᠢᠯᠭ᠎ᠠ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯ ᠤᠨ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠠᠬᠠᠮᠠᠳ ᠨᠢᠭᠡ | ᠦᠶ᠎ᠡ ᠶᠢᠨ ᠬᠤᠪᠢᠰᠬᠠᠯᠴᠢᠳ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ ᠬᠥᠷᠥᠩᠭᠡ ᠶᠢ ᠵᠠᠯᠭᠠᠮᠵᠢᠯᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠥᠪᠥᠷ ᠮᠣᠩᠭᠤᠯ ᠤᠨ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ | ᠨᠡᠩ ᠶᠡᠭᠡ ᠦᠷ᠎ᠡ ᠪᠦᠲᠦᠮᠵᠢ ᠣᠯᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ | ᠵᠢᠯᠤᠭᠤᠳᠬᠤ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠨᠢᠭᠡ ᠵᠦᠢᠯ ᠤᠨ ᠴᠢᠬᠤᠯᠠ ᠠᠷᠭ᠎ᠠ ᠭᠡᠯᠪᠡᠷᠢ ᠪᠣᠯᠣᠨ᠎ᠠ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ | ᠲᠤᠬᠠᠢ ᠦᠢᠯᠡᠳᠦᠯ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠰᠠᠭᠤᠷᠢᠯᠠᠨ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ᠃ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠲᠠᠢ ᠤᠶᠠᠯᠳᠤᠭᠤᠯᠵᠤ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠳᠤᠷᠠᠳᠴᠤ᠂ ᠨᠡᠩ ᠤᠯᠠᠨ ᠲᠦᠷᠦᠯ ᠵᠦᠢᠯ ᠢ | ᠤᠯᠤᠰ ᠤᠨ ︽ᠶᠡᠭᠡ ᠲᠠᠯ᠎ᠠ︾ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠴᠢᠬᠤᠯᠠ ᠶᠡᠭᠡ | ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ᠰᠢᠨ᠎ᠡ ᠡᠨᠧᠷᠭᠢ᠂ ᠠᠭᠠᠷ ᠤᠨ ᠠᠶᠠᠯᠠᠯ ᠢᠶᠠᠷ ᠬᠦᠢᠰᠦ ᠪᠤᠯᠭᠠᠬᠰᠠᠨ ᠠᠵᠤ ᠠᠬᠤᠢ᠂ ᠪᠣᠬᠢᠷᠳᠤᠯ ᠦᠭᠡᠢ | ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ᠂ ᠪᠣᠳᠣᠯᠲᠠ ᠶᠢᠨ ᠬᠦᠴᠦᠨ ᠵᠡᠷᠭᠡ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠡᠭᠦᠷᠭᠡ ᠠᠷᠭ᠎ᠠ ᠬᠡᠮᠵᠢᠶ᠎ᠡ ᠪᠣᠯᠣᠨ ᠢᠨᠵᠧᠨᠧᠷᠢᠩ ᠤᠨ ᠲᠦᠷᠦᠯ ᠵᠦᠢᠯ ᠢ ᠨᠠᠷᠢᠯᠢᠭ ᠣᠨᠣᠴᠠᠲᠠᠢ ᠤᠬᠠᠭᠠᠯᠠᠨ ᠲᠥᠯᠥᠪᠯᠡᠵᠦ᠂ ᠲᠥᠯᠦᠪᠵᠢᠭᠦᠯᠭᠡ ᠶᠢᠨ ᠬᠡᠷᠡᠭᠵᠢᠭᠦᠯᠬᠦ | ᠬᠦᠴᠦᠨ ᠪᠣᠯᠣᠨ ᠨᠠᠶᠢᠳᠠᠪᠤᠷᠢᠵᠢᠭᠤᠯᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠡᠭᠦᠳᠡ ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠬᠤ᠂ ᠤᠯᠠᠨ ᠤ ᠤᠶᠤᠨ | ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠨᠡᠶᠢᠭᠡᠮ ᠤᠨ ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠲᠤᠰᠬᠠᠢ ᠮᠡᠷᠭᠡᠵᠢᠯᠲᠡᠨ ᠤ ᠰᠠᠨᠠᠯ᠂ | ᠦᠨᠳᠦᠰᠦᠨ ᠱᠠᠲᠤᠨ ᠤ ᠲᠤᠷᠰᠢᠯᠭ᠎ᠠ ᠶᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠭᠦᠢᠴᠡᠳ ᠰᠢᠩᠭᠡᠬᠡᠨ ᠠᠪᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠬᠤᠷᠢᠶᠠᠨ ᠳᠠᠷᠤᠭ᠎ᠠ ᠵᠤᠤ ᠯᠧ ᠵᠢᠢ ᠶᠢᠨ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠠ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠬᠢᠬᠦ ᠦᠶ᠎ᠡ ᠶᠢᠨ ᠶᠠᠷᠢᠶᠠᠨ ᠤ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ | ᠰᠠᠶᠢᠲᠤᠷ ᠠᠳᠬᠤᠵᠤ᠂ ᠬᠤᠯᠪᠣᠭᠳᠠᠯ ᠪᠦᠬᠦᠢ ᠠᠵᠢᠯ ᠢ ᠨᠡᠩ ᠦᠷ᠎ᠡ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠤᠢ ᠰᠢᠭᠤᠢ ᠶᠢᠨ ᠬᠠᠤᠯᠢ ᠶᠢ ᠲᠤᠭᠤᠰᠢᠯᠠᠭᠤᠯᠤᠨ | ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠬᠠᠤᠯᠢ ᠶᠣᠰᠣᠭᠠᠷ ᠴᠢᠩᠭᠠᠳᠬᠠᠵᠤ᠂ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠢ ᠰᠢᠭᠤᠢ ᠡᠪᠡᠰᠦ | ᠪᠡᠯᠴᠢᠭᠡᠷ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠴᠤ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠢ | ᠳᠣᠲᠣᠷᠠᠬᠢ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠨᠡᠩ ᠪᠠᠲᠤ ᠪᠠᠬᠢ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠭᠤᠣᠯ | ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠩᠯᠢᠶᠣᠣ ᠬᠤᠲᠠ ᠶᠢᠨ ᠣᠶ | ᠰᠢᠭᠤᠢ ᠡᠪᠡᠰᠦ ᠪᠡᠯᠴᠢᠭᠡᠷ ᠢ ᠡᠪᠳᠡᠨ ᠰᠦᠢᠳᠬᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠨᠤᠲᠤᠭ ᠪᠡᠯᠴᠢᠭᠡᠷ᠂ ᠣᠶ ᠰᠢᠭᠤᠢ ᠶᠢ | ᠬᠠᠮᠠᠭᠠᠯᠠᠬᠤ ᠶᠢ ᠢᠮᠠᠭᠲᠠ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠤᠯᠭᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠢ ᠰᠠᠶᠢᠲᠤᠷ ᠠᠳᠬᠤᠵᠤ᠂ ᠨᠢᠭᠡ ᠠᠴᠠ ᠨᠦᠭᠦᠭᠡ ᠶᠢ ᠵᠦᠢᠴᠢᠯᠡᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠵᠠᠰᠠᠯᠲᠠ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠬᠡᠷᠡᠭᠲᠡᠢ᠃ ᠵᠠᠷᠯᠠᠨ ᠨᠡᠶᠢᠲᠡᠯᠡᠭᠰᠡᠨ ᠠᠰᠠᠭᠤᠳᠠᠯ ᠲᠠᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠵᠤᠷᠪᠤᠰ | ᠳᠠᠷᠠᠭᠠᠯᠠᠨ ᠲᠣᠳᠣᠷᠬᠠᠶᠢᠯᠠᠵᠤ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠬᠤ ᠬᠡᠷᠡᠭᠲᠡᠢ᠃ ᠤᠢ ᠮᠣᠳᠣ | ᠡᠪᠡᠰᠦ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ | ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠪᠠᠭᠠᠰᠬᠠᠬᠤ ᠪᠠ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠡᠨᠡ ᠬᠦ | ᠭᠠᠵᠢᠭᠤ ᠰᠤᠷᠲᠠᠯ ᠢ ᠲᠠᠰᠤ ᠬᠤᠷᠢᠭᠯᠠᠬᠤ ᠬᠡᠷᠡᠭᠲᠡᠢ᠃ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ᠂ ᠣᠯᠠᠨᠲᠠ ᠰᠤᠷᠭᠠᠪᠠᠴᠤ ᠵᠠᠯᠠᠷᠠᠭᠤᠯᠬᠤ ᠦᠭᠡᠢ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠲᠤᠯᠭᠠᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ | ᠠᠷᠤ ᠳᠠᠬᠢ ᠠᠰᠢᠭ ᠲᠤᠰᠠ ᠶᠢᠨ ᠬᠠᠷᠢᠴᠠᠭ᠎ᠠ ᠶᠢ ᠭᠦᠨ ᠠᠭᠤᠳᠠᠯᠵᠤ ᠲᠦᠢᠯᠪᠤᠷᠢᠲᠠᠢ ᠪᠠᠶᠢᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ | ᠲᠤᠬᠠᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |