ᠥᠪᠥᠷ ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 3 ᠲᠠᠯ᠎ᠠ ᠪᠠᠷ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2025/6/30
    ᠥᠪᠥᠷ ᠮᠣᠩᠭᠤᠯ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢᠨ ᠲᠣᠭᠤᠷᠢᠨ ᠳᠤ᠂ 3 ᠲᠠᠯ᠎ᠠ ᠪᠠᠷ ᠤᠯᠤᠰ ᠤᠨ ᠳᠣᠲᠣᠭᠠᠳᠤ ᠳᠠᠬᠢ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠭᠰᠡᠨ ᠪᠠ ᠣᠷᠣᠨ ᠤ ᠳᠣᠲᠣᠷᠠᠬᠢ ᠵᠡᠭᠦᠨ ᠳᠤᠮᠳᠠ ᠪᠠᠷᠠᠭᠤᠨ ᠬᠡᠰᠡᠭ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃     ᠮᠤᠵᠢ ᠣᠷᠣᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠠᠴᠠ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ 2025 ᠣᠨ ᠤ ᠭᠤᠣᠯᠳᠠᠯᠭ᠎ᠠ ᠪᠣᠯᠬᠤ ᠠᠵᠢᠯ ᠤᠨ ᠲᠣᠬᠢᠷᠠᠭᠤᠯᠤᠯᠲᠠ ᠶᠢ ᠳᠠᠷᠤᠮᠠᠯᠯᠠᠨ ᠶᠠᠪᠤᠭᠤᠯᠵᠤ᠂ 8 ᠬᠦᠷᠢᠶ᠎ᠡ ᠴᠠᠷᠠᠭᠠᠨ ᠤ ᠲᠣᠭᠤᠷᠢᠨ ᠳᠤ ᠮᠠᠨ ᠤ ᠣᠷᠣᠨ ᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠬᠤ ᠭᠤᠣᠯᠳᠠᠯᠭ᠎ᠠ ᠪᠣᠯᠬᠤ ᠡᠭᠦᠷᠭᠡ ᠶᠢ ᠲᠣᠳᠣᠷᠬᠠᠶᠢᠯᠠᠪᠠ︔ ᠱᠠᠩᠬᠠᠢ ᠬᠤᠲᠠ ᠯᠤᠭ᠎ᠠ ᠱᠠᠩᠬᠠᠢ ᠥᠪᠥᠷ ᠮᠣᠩᠭᠤᠯ ᠤᠨ ᠬᠠᠮᠲᠤᠷᠠᠯᠴᠠᠭᠠᠨ ᠤ ᠣᠨ ᠤ ᠭᠤᠣᠯᠳᠠᠯᠭ᠎ᠠ ᠪᠣᠯᠬᠤ ᠠᠵᠢᠯ ᠤᠨ ᠲᠣᠬᠢᠷᠠᠭᠤᠯᠤᠯᠲᠠ ᠶᠢ ᠬᠠᠮᠲᠤ ᠪᠠᠷ ᠰᠤᠳᠤᠯᠤᠨ ᠲᠣᠭᠲᠠᠭᠠᠵᠤ᠂ ᠥᠪᠥᠷ ᠮᠣᠩᠭᠤᠯ ᠤᠨ ᠵᠡᠭᠦᠨ ᠬᠡᠰᠡᠭ — ᠱᠠᠩᠬᠠᠢ ᠶᠢᠨ ᠪᠣᠬᠢᠷᠲᠤᠯ ᠦᠭᠡᠢ ᠲᠦᠯᠡᠰᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠱᠠᠩᠬᠠᠢ ᠥᠪᠥᠷ ᠮᠣᠩᠭᠤᠯ ᠤᠨ ᠬᠠᠮᠲᠤᠷᠠᠯᠴᠠᠭᠠᠨ ᠤ ᠵᠦᠢᠯᠡᠰ ᠢ ᠡᠮᠬᠢ ᠵᠢᠷᠤᠮ ᠲᠠᠢ ᠠᠬᠢᠭᠤᠯᠵᠤ ᠪᠤᠢ︔ ᠥᠪᠥᠷ ᠮᠣᠩᠭᠤᠯ ᠤᠨ 2025 ᠣᠨ ᠳᠠᠬᠢ ᠭᠤᠸᠠᠩᠳᠦ᠋ᠩ ᠥᠪᠥᠷ ᠮᠣᠩᠭᠤᠯ ᠤᠨ ᠬᠠᠮᠲᠤᠷᠠᠯᠴᠠᠭᠠᠨ ᠤ ᠭᠤᠣᠯᠳᠠᠯᠭ᠎ᠠ ᠪᠣᠯᠬᠤ ᠠᠵᠢᠯ ᠤᠨ ᠲᠣᠬᠢᠷᠠᠭᠤᠯᠤᠯᠲᠠ ᠶᠢ ᠳᠠᠷᠤᠮᠠᠯᠯᠠᠨ ᠶᠠᠪᠤᠭᠤᠯᠵᠤ ᠬᠡᠷᠡᠭᠵᠢᠭᠦᠯᠬᠦ ᠶᠢᠨ ᠬᠠᠮᠲᠤ ᠭᠤᠸᠠᠩᠳᠦ᠋ᠩ ᠮᠤᠵᠢ ᠯᠤᠭ᠎ᠠ ᠬᠠᠮᠲᠤ ᠶᠢᠨ ᠲᠠᠨᠢᠯᠲᠠ ᠲᠠᠢ ᠪᠣᠯᠵᠤ᠂ ᠲᠠᠷᠢᠶᠠᠯᠠᠩ ᠮᠠᠯ ᠠᠵᠤ ᠠᠬᠤᠢ᠂ ᠡᠨᠧᠷᠭᠢ ᠵᠡᠷᠭᠡ ᠬᠦᠷᠢᠶᠡᠨ ᠳᠠᠬᠢ 2 ᠬᠠᠮᠲᠤᠷᠠᠯᠴᠠᠭᠠᠨ ᠤ ᠵᠦᠢᠯᠡᠰ ᠢ ᠭᠤᠸᠠᠩᠳᠦ᠋ᠩ ᠮᠤᠵᠢ ᠶᠢᠨ ᠮᠤᠵᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠣᠨ ᠤ ᠠᠵᠢᠯ ᠤᠨ ᠡᠭᠦᠷᠭᠡ ᠳᠤ ᠵᠡᠷᠭᠡ ᠪᠠᠷ ᠣᠷᠣᠭᠤᠯᠤᠨ ᠬᠠᠮᠲᠤ ᠪᠠᠷ ᠠᠬᠢᠭᠤᠯᠤᠨ ᠬᠡᠷᠡᠭᠵᠢᠭᠦᠯᠵᠦ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠥᠪᠥᠷ ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠠᠭ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ ᠪᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠭᠦᠨᠵᠡᠭᠡᠢ ᠲᠦᠯᠬᠢᠨ ᠠᠬᠢᠭᠤᠯᠬᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠲᠤᠭᠤᠷᠪᠢᠵᠤ᠂ ᠬᠥᠬᠡᠬᠤᠲᠠ ᠪᠤᠭᠤᠲᠤ ᠣᠷᠳᠣᠰ ᠬᠢᠭᠡᠳ ᠵᠡᠭᠦᠨ ᠬᠡᠰᠡᠭ ᠤᠨ ᠠᠶᠢᠮᠠᠭ ᠬᠤᠲᠠ ᠯᠤᠭ᠎ᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠲᠣᠭᠲᠠᠴᠠ ᠪᠠᠶᠢᠭᠤᠯᠬᠤ ᠰᠤᠳᠤᠯᠭᠠᠨ ᠢ ᠥᠷᠨᠢᠭᠦᠯᠵᠦ ᠪᠤᠢ᠃     ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠭᠠᠨ ᠢ ᠥᠷᠨᠢᠭᠦᠯᠬᠦ ᠲᠠᠯ᠎ᠠ ᠪᠠᠷ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ᠂ ︽︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠲᠥᠯᠦᠪᠵᠢᠭᠦᠯᠭᠡ︾ ᠵᠡᠷᠭᠡ ᠡᠮᠦᠨᠡᠬᠢ ᠬᠤᠭᠤᠴᠠᠭᠠᠨ ᠤ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠦ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ