︽ᠲᠠᠯ᠎ᠠ ᠨᠤᠲᠤᠭ ᠤᠨ ᠰᠢᠨ᠎ᠡ ᠬᠠᠭᠤᠳᠠᠰᠤ · ᠰᠣᠶᠣᠯ ᠵᠢᠭᠤᠯᠴᠢᠯᠠᠯ ᠤᠨ ᠰᠢᠨ᠎ᠡ ᠢᠷᠡᠭᠡᠳᠦᠢ︾ 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠣᠯ ᠰᠡᠳᠦᠪᠲᠦ ᠠᠵᠢᠯᠯᠠᠭ᠎ᠠ ᠪᠤᠭᠤᠲᠤ ᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2025/6/30
   6 ᠳ᠋ᠤᠭᠠᠷ ᠰᠠᠷ᠎ᠠ ᠶᠢᠨ 22 ᠤᠨ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ︽ᠲᠠᠯ᠎ᠠ ᠨᠤᠲᠤᠭ ᠤᠨ ᠰᠢᠨ᠎ᠡ ᠬᠠᠭᠤᠳᠠᠰᠤ · ᠰᠣᠶᠣᠯ ᠵᠢᠭᠤᠯᠴᠢᠯᠠᠯ ᠤᠨ ᠰᠢᠨ᠎ᠡ ᠢᠷᠡᠭᠡᠳᠦᠢ︾ 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠣᠯ ᠰᠡᠳᠦᠪᠲᠦ ᠠᠵᠢᠯᠯᠠᠭ᠎ᠠ ᠪᠤᠭᠤᠲᠤ ᠬᠤᠲᠠ ᠳᠤ ᠡᠬᠢᠯᠡᠪᠡ᠃ ᠪᠡᠭᠡᠵᠢᠩ᠂ ᠱᠠᠩᠬᠠᠢ᠂ ᠾᠧᠪᠧᠢ᠂ ᠱᠠᠨ ᠰᠢ᠂ ᠱᠠᠨᠰᠢ᠂ ᠨᠢᠩᠰᠢᠶᠠ᠂ ᠭᠠᠨᠰᠤ᠂ ᠬᠠᠶᠢᠨᠠᠨ᠂ ᠯᠢᠶᠣᠤᠨᠢᠩ᠂ ᠬᠠᠷᠠᠮᠥ᠋ᠷᠡᠨ ᠵᠡᠷᠭᠡ ᠮᠤᠵᠢ ᠣᠷᠣᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ︵ᠲᠣᠪᠴᠢᠶ᠎ᠠ︶ ᠤᠨ ᠬᠠᠮᠢᠶ᠎ᠠ ᠪᠦᠬᠦᠢ ᠬᠠᠷᠢᠭᠤᠴᠠᠯᠭᠠᠲᠠᠳ᠂ ᠵᠢᠭᠤᠯᠴᠢᠯᠠᠯ ᠤᠨ ᠲᠤᠰᠬᠠᠢ ᠮᠡᠷᠭᠡᠵᠢᠯᠲᠡᠳ᠂ ᠭᠤᠣᠯᠳᠠᠯᠭ᠎ᠠ ᠪᠣᠯᠬᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠬᠤᠳᠠᠯᠳᠤᠭᠠᠴᠢᠨ ᠤ ᠲᠥᠯᠥᠭᠡᠯᠡᠭᠴᠢᠳ ᠪᠤᠭᠤᠲᠤ ᠳᠤ ᠴᠤᠭᠯᠠᠷᠠᠵᠤ᠂ ᠲᠤᠷᠰᠢᠯᠭ᠎ᠠ ᠪᠠᠨ ᠥᠷᠭᠡᠨ ᠢᠶᠠᠷ ᠰᠣᠯᠢᠯᠴᠠᠵᠤ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠬᠤᠪᠢᠶᠠᠯᠴᠠᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃     ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠵᠢᠭᠤᠯᠴᠢᠯᠠᠯ ᠤᠨ ᠨᠠᠷᠠᠲᠤ ᠰᠢᠶᠠᠨ ᠤ ᠨᠡᠷᠡᠰ ᠢ ᠨᠡᠶᠢᠲᠡᠯᠡᠬᠦ ᠶᠢᠨ ᠬᠠᠮᠲᠤ ᠫᠠᠶᠢᠰᠠ ᠣᠯᠭᠤᠵᠤ᠂ ︽ᠬᠦᠳᠡᠭᠡ ᠨᠤᠲᠤᠭ ᠢᠶᠠᠷ ᠮᠠᠰᠢᠨ ᠲᠡᠷᠭᠡ ᠲᠠᠢ ᠵᠢᠭᠤᠯᠴᠢᠯᠠᠵᠤ · ᠥᠪᠥᠷ ᠮᠣᠩᠭᠤᠯ ᠳᠤ ᠵᠤᠭᠠᠴᠠᠨ ᠰᠠᠭᠠᠲᠠᠭᠠᠷᠠᠢ︾ ᠵᠢᠭᠤᠯᠴᠢᠯᠠᠯ ᠤᠨ ᠨᠡᠷᠡᠳᠬᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠵᠠᠮ ᠬᠠᠷᠢᠯᠴᠠᠭ᠎ᠠ ᠲᠠᠷᠢᠶᠠᠯᠠᠩ︾ ᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ ᠵᠡᠷᠭᠡ ᠰᠣᠶᠣᠯ ᠵᠢᠭᠤᠯᠴᠢᠯᠠᠯ ᠤᠨ ᠨᠡᠷᠡᠳᠬᠦᠨ ᠪᠠ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠤᠯᠪᠣᠯᠳᠤᠭᠤᠯᠤᠨ ᠠᠭᠤᠰᠤᠯᠴᠠᠭᠤᠯᠤᠭᠰᠠᠨ ᠬᠥᠭᠵᠢᠯᠲᠡ ᠶᠢᠨ ᠰᠢᠨ᠎ᠡ ᠲᠠᠯᠠᠪᠤᠷ ᠬᠦᠷᠢᠶ᠎ᠡ ᠶᠢ ᠨᠡᠶᠢᠲᠡᠯᠡᠪᠡ᠃     6 ᠳ᠋ᠤᠭᠠᠷ ᠰᠠᠷ᠎ᠠ ᠶᠢᠨ 23 ᠤ ᠡᠳᠦᠷ᠂ ᠪᠤᠭᠤᠲᠤ ᠬᠤᠳᠠ ᠳᠠᠬᠢ ᠬᠠᠭᠤᠴᠢᠨ ᠪᠤᠭᠤᠲᠤ ᠶᠢᠨ ᠪᠠᠷᠠᠭᠤᠨᠰᠢ ᠪᠣᠭᠤᠮᠲᠠ ᠪᠠᠷ ᠭᠠᠷᠤᠭᠰᠠᠨ ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠡᠯ ᠷᠧᠨ ᠲᠠᠢ᠂ ᠮᠠᠩᠬᠠᠨ ᠵᠦᠴᠦᠭᠡ᠂ ᠫᠢᠸᠤ᠋ ᠶᠢᠨ ᠨᠠᠶᠢᠷ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠤᠲᠠᠩ᠂ ᠴᠠᠢ ᠲᠠᠢ ᠱᠥᠯᠥ ᠵᠡᠷᠭᠡ ᠬᠠᠭᠤᠴᠢᠨ ᠪᠤᠭᠤᠲᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠳᠡᠭᠡᠵᠢᠯᠡᠨ ᠠᠮᠰᠠᠪᠠ︔ ᠠᠨᠠᠷ ᠤᠨ ᠴᠡᠴᠡᠭ ᠤᠨ ᠭᠤᠣᠯ ᠰᠡᠳᠦᠪᠲᠦ ᠬᠦᠷᠢᠶᠡᠯᠡᠩ ᠳᠤ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠳᠡᠵᠢᠭᠡᠭᠰᠡᠨ︾᠂ ᠪᠤᠭᠤᠲᠤ ᠶᠢᠨ ᠰᠣᠶᠣᠯ ᠤᠨ ᠡᠭᠦᠳᠦᠯᠲᠡ ᠶᠢᠨ ᠦᠵᠡᠭᠦᠯᠭᠡ ᠶᠢᠨ ᠲᠢᠩᠬᠢᠮ ᠵᠡᠷᠭᠡ ᠶᠢ ᠲᠣᠭᠤᠷᠢᠨ ᠦᠵᠡᠪᠡ︔ ᠪᠤᠭᠤᠲᠤ ᠶᠢᠨ ᠬᠥᠪᠥᠩ ᠤᠨ 1958 ᠣᠨ ᠤ ᠵᠡᠭᠡᠯᠢ ᠶᠢᠨ ᠲᠣᠭᠤᠷᠢᠭ ᠲᠤ ᠰᠣᠶᠣᠯ ᠤᠨ ᠡᠭᠦᠳᠦᠯᠲᠡ ᠶᠢᠨ ᠦᠵᠡᠰᠬᠦᠯᠡᠩ᠂ ᠳᠠᠭᠤᠷᠢᠯᠢᠭ ᠤᠨ ᠲᠣᠭᠯᠠᠯᠲᠠ᠂ ᠪᠤᠭᠤᠲᠤ ᠶᠢᠨ ᠠᠮᠲᠠᠲᠤ ᠢᠳᠡᠭᠡᠨ ᠠᠮᠲᠠᠯᠠᠬᠤ᠂ ᠴᠠᠭ ᠦᠶ᠎ᠡ ᠶᠢᠨ ᠳᠠᠭᠤᠨ ᠤ ᠴᠤᠭᠯᠠᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠭᠦᠶᠠᠩ ᠳᠠᠬᠢ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠲᠤ ᠨᠡᠭᠡᠭᠡᠯᠲᠡ ᠶᠢᠨ ᠶᠣᠰᠣᠯᠠᠯ᠂ ᠠᠮᠲᠠᠲᠤ ᠢᠳᠡᠭᠡᠨ ᠵᠣᠭᠤᠭᠯᠠᠬᠤ᠂ ᠶᠠᠪᠠᠭᠠᠨ ᠢᠶᠠᠷ ᠣᠷᠳᠣ ᠴᠠᠭᠠᠨ ᠬᠡᠷᠡᠮ ᠳᠤ ᠭᠠᠷᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠪᠤᠭᠤᠲᠤ ᠶᠢᠨ ᠠᠯᠲᠠᠨ ᠵᠡᠭᠡᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠠᠮᠲᠠᠷᠬᠠᠵᠤ᠂ ᠪᠤᠭᠤᠲᠤ ᠶᠢᠨ ᠲᠤᠰ ᠨᠤᠲᠤᠭ ᠤᠨ ᠬᠥᠭᠵᠢᠮ ᠤᠨ ᠠᠩᠭᠢ ᠶᠢᠨ ᠲᠣᠭᠯᠠᠯᠲᠠ ᠶᠢ ᠰᠣᠨᠢᠷᠬᠠᠨ ᠲᠠᠭᠠᠰᠢᠶᠠᠪᠠ᠃     ᠲᠣᠰ ᠤᠳᠠᠭᠠᠨ ᠤ ᠠᠵᠢᠯᠯᠠᠭ᠎ᠠ ᠪᠣᠯ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠦᠬᠦ ᠣᠷᠣᠨ ᠤ ᠤᠶᠤᠨ ᠤᠬᠠᠭᠠᠨ ᠢ ᠬᠤᠷᠠᠮᠳᠤᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠨ᠂ ᠰᠣᠶᠣᠯ ᠪᠠ ᠵᠢᠭᠤᠯᠴᠢᠯᠠᠯ ᠢ ᠨᠡᠩ ᠥᠷᠭᠡᠨ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠢᠶᠠᠷ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠶᠢ ᠡᠭᠦᠳᠦᠨ ᠠᠭᠤᠰᠤᠯᠴᠠᠭᠤᠯᠬᠤ ᠰᠢᠨ᠎ᠡ ᠥᠨᠳᠦᠷᠯᠢᠭ ᠢ ᠴᠣᠭᠴᠠᠯᠠᠨ᠂ ᠰᠣᠶᠣᠯ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠢᠭᠤᠯᠴᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ